ᠰᠢᠩ ᠮᠢᠩ ᠲᠢᠶᠠᠨ ᠴᠧᠩ ᠰᠢᠶᠠᠩ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ‌ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/12/18
    12 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠩ ᠮᠢᠩ ᠲᠢᠶᠠᠨ ᠴᠧᠩ ᠰᠢᠶᠠᠩ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠲᠠᠢ ᠨᠢᠭᠲᠠ ᠤᠶᠠᠯᠳᠤᠭᠤᠯᠤᠨ᠂ ᠲᠣᠰ ᠪᠡᠶ᠎ᠡ ᠶᠢᠨ ᠰᠤᠷᠤᠯᠴᠠᠭᠰᠠᠨ ᠣᠶᠢᠯᠠᠭᠠᠯᠲᠠ ᠪᠠ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠵᠡᠷᠭᠡ ᠲᠠᠯ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠠᠶᠢᠯᠪᠤᠷᠢᠯᠠᠪᠠ᠃      ᠤᠬᠠᠭᠤᠯᠤᠨ ᠲᠠᠶᠢᠯᠪᠤᠷᠢᠯᠠᠬᠤ ᠳᠠᠭᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠭᠦᠨᠵᠡᠭᠡᠢ ᠡᠵᠡᠮᠳᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠳᠣᠲᠣᠭᠠᠳᠤ ᠬᠠᠷᠢᠯᠴᠠᠭ᠎ᠠ ᠶᠢ ᠭᠦᠨᠵᠡᠭᠡᠢ ᠣᠶᠢᠯᠠᠭᠠᠵᠤ᠂ ᠴᠢᠩᠭ᠎ᠠ ᠬᠦᠭ ᠠᠶᠠᠰ ᠢᠶᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭᠠᠳᠬᠠᠬᠤ᠂ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ᠂ ᠲᠤᠬᠠᠶᠢᠯᠠᠭᠰᠠᠨ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠨᠡᠩ ᠪᠣᠳᠠᠲᠠᠢ ᠶᠢ ᠡᠷᠬᠢᠮᠯᠡᠭᠰᠡᠨ ᠴᠢᠩᠭ᠎ᠠ ᠬᠢᠨᠠᠮᠠᠭᠠᠢ ᠰᠤᠷᠲᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠦᠨᠡᠨᠬᠦ ᠠᠳᠬᠤᠵᠤ ᠪᠣᠳᠠᠲᠠᠢ ᠠᠵᠢᠯᠯᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ ᠣᠳᠣᠬᠢ ᠱᠠᠲᠤᠨ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠰᠢᠯᠲᠠᠭᠠᠨ ᠢ ᠭᠦᠨᠵᠡᠭᠡᠢ ᠵᠠᠳᠠᠯᠵᠤ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠪᠣᠳᠠᠲᠠᠢ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠠᠵᠢᠯ ᠲᠠᠢ ᠪᠠᠨ ᠤᠶᠠᠯᠳᠤᠭᠤᠯᠵᠤ᠂ ᠠᠵᠢᠯ ᠤᠨ ᠳᠤᠮᠳᠠ ᠪᠠᠨ ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠤᠨ ᠬᠠᠮᠠᠭᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠵᠤ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠠᠯᠬᠤᠮ ᠠᠯᠬᠤᠮ ᠢᠶᠠᠷ ᠪᠣᠳᠠᠲᠤ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠬᠡᠷᠡᠭᠲᠡᠢ᠃                                                ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2