ᠨᠠᠮ ᠤᠨ ᠬᠤᠷᠢᠳᠤᠭᠠᠷ ᠶᠡᠭᠡ ᠬᠤᠷᠠᠯ ᠤᠨ ᠤᠩᠰᠢᠬᠤ ᠮᠠᠲ᠋ᠧᠷᠢᠶᠠᠯ ᠮᠠᠨ ᠤ ᠰᠢᠶᠠᠨ ᠤ ᠰᠢᠨᠬᠤᠸᠠ ᠨᠣᠮ ᠤᠨ ᠳᠡᠯᠭᠡᠭᠦᠷ ᠲᠤ ᠪᠣᠷᠣᠯᠠᠭᠤᠯᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/12/18
    ᠤᠢᠢᠷ᠎ᠠ ᠶᠢᠨ ᠬᠤᠭᠤᠴᠠᠭᠠᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢ ᠬᠠᠪᠰᠤᠷᠤᠨ ᠵᠢᠯᠣᠭᠤᠳᠬᠤ ᠤᠩᠰᠢᠬᠤ ᠪᠢᠴᠢᠭ ᠢ ᠰᠢᠶᠠᠨ ᠤ ᠰᠢᠨᠬᠤᠸᠠ ᠨᠣᠮ ᠤᠨ ᠳᠡᠯᠭᠡᠭᠦᠷ ᠲᠤ ᠲᠠᠯᠪᠢᠬᠤ ᠶᠢᠨ ᠬᠠᠮᠲᠤ ᠶᠡᠭᠡ ᠪᠠᠷ ᠪᠣᠷᠣᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠡᠷᠬᠡ ᠰᠦᠷ ᠲᠠᠢ᠂ ᠵᠥᠪ ᠣᠨᠣᠪᠴᠢᠲᠠᠢ ᠤᠩᠰᠢᠬᠤ ᠪᠢᠴᠢᠭ ᠢ ᠬᠠᠩᠭᠠᠵᠤ᠂ ᠪᠦᠬᠦ ᠰᠢᠶᠠᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠭᠰᠠᠨ ᠪᠠᠶᠢᠨ᠎ᠠ᠃
          ᠰᠤᠷᠪᠤᠯᠵᠢᠯᠠᠭᠴᠢ ᠰᠢᠨᠬᠤᠸᠠ ᠨᠣᠮ ᠤᠨ ᠳᠡᠯᠭᠡᠭᠦᠷ ᠲᠤ ᠬᠦᠷᠴᠦ᠂ ᠣᠯᠠᠨ ᠵᠦᠢᠯ ᠤᠨ ᠨᠣᠮ ᠪᠢᠴᠢᠭ ᠢ ᠨᠣᠮ ᠤᠨ ᠲᠠᠯᠪᠢᠭᠤᠷ ᠳᠡᠭᠡᠷ᠎ᠡ ᠲᠡᠷᠢ ᠲᠡᠭᠰᠢ ᠵᠢᠭᠰᠠᠭᠠᠵᠤ ᠪᠠᠶᠢᠬᠤ ᠶᠢ ᠣᠯᠵᠤ ᠬᠠᠷᠠᠪᠠ᠃ ᠡᠭᠦᠳᠡ ᠪᠠᠷ ᠣᠷᠣᠬᠤ ᠢᠯᠡ ᠲᠣᠳᠣ ᠪᠠᠶᠢᠷᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠤᠣᠯ ᠰᠡᠳᠦᠪᠲᠦ ᠨᠣᠮ ᠤᠨ ᠦᠵᠡᠭᠦᠯᠦᠯᠭᠡ ᠭᠠᠷᠭᠠᠵᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠰᠤᠷᠤᠯᠴᠠᠯᠭ᠎ᠠ ᠶᠢ ᠬᠠᠪᠰᠤᠷᠤᠨ ᠵᠢᠯᠣᠭᠤᠳᠬᠤ ᠵᠠᠭᠤᠨ ᠠᠰᠠᠭᠤᠯᠲᠠ︾᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠰᠤᠷᠤᠯᠴᠠᠯᠭ᠎ᠠ ᠶᠢ ᠬᠠᠪᠰᠤᠷᠤᠨ ᠵᠢᠯᠣᠭᠤᠳᠬᠤ ᠤᠩᠰᠢᠬᠤ ᠪᠢᠴᠢᠭ︾ ᠵᠡᠷᠭᠡ ᠬᠤᠯᠪᠣᠭᠳᠠᠯ ᠪᠦᠬᠦᠢ ᠨᠣᠮ ᠪᠢᠴᠢᠭ ᠢ ᠲᠡᠷᠢ ᠲᠡᠭᠰᠢ ᠳᠡᠯᠭᠡᠵᠦ᠂ ᠭᠤᠣᠯ ᠰᠡᠳᠦᠪ ᠨᠢ ᠢᠯᠡ ᠲᠣᠳᠣ ᠪᠠᠶᠢᠵᠤ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠴᠥᠭᠡᠨ ᠪᠤᠰᠤ ᠤᠩᠰᠢᠭᠴᠢᠳ ᠤᠨ ᠠᠩᠬᠠᠷᠤᠯ ᠢ ᠲᠠᠲᠠᠪᠠ᠃ ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠶᠢᠨ ᠵᠢᠶᠦ᠋ᠨ ᠸᠧᠨ᠄ ︽ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠨᠢ ᠠᠷᠠᠳ ᠤᠯᠠᠨ ᠤ ᠬᠦᠰᠡᠯ ᠡᠷᠡᠮᠡᠯᠵᠡᠯ ᠳᠤ ᠬᠠᠷᠢᠭᠤ ᠥᠭᠴᠦ᠂ ᠤᠯᠠᠨ ᠲᠦᠮᠡᠨ ᠤ ᠰᠡᠳᠬᠢᠯ ᠤᠨ ᠦᠭᠡ ᠶᠢ ᠬᠡᠯᠡᠵᠦ ᠭᠠᠷᠭᠠᠵᠠᠢ᠂ ᠰᠢᠨᠬᠤᠸᠠ ᠨᠣᠮ ᠤᠨ ᠳᠡᠯᠭᠡᠭᠦᠷ ᠲᠤ ᠤᠢᠢᠷ᠎ᠠ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠨᠢᠭᠡ ᠪᠦᠯᠦᠭ ᠨᠣᠮ ᠪᠢᠴᠢᠭ ᠢᠷᠡᠭᠰᠡᠨ ᠢ ᠪᠢ ᠰᠣᠨᠣᠰᠤᠭᠠᠳ ᠲᠤᠰᠬᠠᠶᠢᠯᠠᠨ ᠢᠷᠡᠵᠦ ᠦᠵᠡᠵᠡᠢ︾ ᠭᠡᠵᠦ ᠬᠡᠯᠡᠪᠡ᠃      ᠨᠠᠮ ᠤᠨ ᠬᠤᠷᠢᠳᠤᠭᠠᠷ ᠶᠡᠭᠡ ᠬᠤᠷᠠᠯ ᠤᠨ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠬᠤ ᠮᠠᠲ᠋ᠧᠷᠢᠶᠠᠯ ᠪᠣᠯᠤᠨ ᠬᠠᠮᠢᠶ᠎ᠠ ᠪᠦᠬᠦᠢ ᠭᠤᠣᠯ ᠰᠡᠳᠦᠪᠲᠦ ᠨᠣᠮ ᠪᠢᠴᠢᠭ ᠢ ᠤᠬᠠᠭᠤᠯᠤᠨ ᠲᠠᠷᠬᠠᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠯᠢᠶᠠᠩᠴᠧᠩ ᠰᠢᠶᠠᠨ ᠤ ᠰᠢᠨᠬᠤᠸᠠ ᠨᠣᠮ ᠤᠨ ᠳᠡᠯᠭᠡᠭᠦᠷ ᠨᠣᠮ ᠪᠢᠴᠢᠭ ᠢ ᠤᠬᠠᠭᠤᠯᠬᠤ ᠪᠠ ᠲᠠᠷᠬᠠᠭᠠᠬᠤ ᠭᠤᠣᠯ ᠠᠷᠭ᠎ᠠ ᠵᠠᠮ᠂ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠬᠡᠪᠴᠢᠶᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠬᠤ ᠤᠩᠰᠢᠬᠤ ᠪᠢᠴᠢᠭ ᠢ ᠤᠬᠠᠭᠤᠯᠤᠨ ᠵᠠᠬᠢᠶᠠᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠰᠤᠷᠤᠯᠴᠠᠬᠤ ᠬᠡᠷᠡᠭᠴᠡᠭᠡ ᠶᠢ ᠴᠠᠭ ᠲᠤᠬᠠᠢ ᠳᠤᠨᠢ ᠬᠠᠩᠭᠠᠪᠠ᠃    ᠵᠢᠷᠤᠭ    ︽ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠬᠤᠷᠠᠯᠳᠤᠭᠰᠠᠨ ᠤ ᠳᠠᠷᠠᠭ᠎ᠠ᠂ ᠯᠢᠶᠠᠩᠴᠧᠩ ᠰᠢᠶᠠᠨ ᠤ ᠰᠢᠨᠬᠤᠸᠠ ᠨᠣᠮ ᠤᠨ ᠳᠡᠯᠭᠡᠭᠦᠷ ᠬᠠᠮᠤᠭ ᠤᠨ ᠲᠦᠷᠦᠭᠦᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠨᠣᠮ ᠪᠢᠴᠢᠭ ᠢ 3500 ᠭᠠᠷᠤᠢ ᠳᠡᠪᠲᠡᠷ ᠵᠠᠬᠢᠶᠠᠯᠠᠨ ᠲᠠᠷᠬᠠᠭᠠᠵᠤ᠂ ᠤᠳᠤ ᠨᠢᠭᠡᠨᠲᠡ ᠪᠦᠬᠦᠨ ᠢ ᠪᠠᠷᠠᠭ᠎ᠠ ᠳᠤ ᠣᠷᠣᠭᠤᠯᠪᠠ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠬᠠᠪᠰᠤᠷᠤᠨ ᠵᠢᠯᠣᠭᠤᠳᠬᠤ ᠨᠣᠮ ᠪᠢᠴᠢᠭ ᠢ ᠲᠤᠬᠢᠷᠠᠭᠤᠯᠤᠨ ᠬᠦᠷᠭᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠵᠢᠴᠢ ᠤᠯᠠᠨ ᠲᠦᠮᠡᠨ ᠳᠤ ᠴᠠᠭ ᠲᠤᠬᠠᠢ ᠳᠤᠨᠢ ᠬᠦᠷᠭᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠯᠢᠶᠠᠩᠴᠧᠩ ᠬᠤᠳᠠ ᠶᠢᠨ ᠡᠬᠡ ᠭᠠᠵᠠᠷ ᠲᠤ ᠦᠨᠳᠦᠰᠦᠯᠡᠭᠦᠯᠵᠦ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ︾ ᠭᠡᠵᠦ ᠬᠡᠯᠡᠪᠡ᠃
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2