ᠯᠢᠶᠠᠩᠴᠧᠩ ᠰᠢᠶᠠᠨ ᠤ ᠤᠯᠠᠭᠠᠨᠮᠥ᠋ᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/12/2
    ᠰᠢ ᠶᠢᠨ ᠫᠢᠩ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠪᠢᠴᠢᠭᠰᠡᠨ ᠲᠠᠪᠤᠨ ᠵᠢᠯ ᠤᠨ ᠤᠢ ᠶᠢᠨ ᠲᠠᠰᠢᠷᠠᠮ ᠢᠶᠠᠷ᠂ ᠯᠢᠶᠠᠩᠴᠧᠩ ᠰᠢᠶᠠᠨ ᠤ ᠤᠯᠠᠭᠠᠨᠮᠥ᠋ᠴᠢᠷ ᠤᠷᠠᠨ ᠪᠦᠲᠦᠭᠡᠯ ᠤᠨ ︽ᠲᠤᠭ︾᠎ ᠢ ᠤᠶᠠᠩᠭᠠᠯᠠᠨ ᠤᠶᠠᠩᠭᠠᠯᠠᠬᠤ ᠤᠷᠠᠨ ᠪᠦᠲᠦᠭᠡᠯ ᠢᠶᠠᠨ ᠨᠠᠷᠢᠨ ᠨᠢᠮᠪᠠᠢ ᠵᠣᠬᠢᠶᠠᠨ ᠪᠦᠲᠦᠭᠡᠵᠡᠢ᠃ ᠲᠤᠰ ᠪᠦᠲᠦᠭᠡᠯ ᠨᠢ ᠤᠳᠬ᠎ᠠ ᠤᠷᠠᠯᠢᠭ ᠤᠨ ᠬᠡᠯᠪᠡᠷᠢ ᠪᠠᠷ ᠯᠢᠶᠠᠩᠴᠧᠩ ᠰᠢᠶᠠᠨ ᠤ ᠤᠯᠠᠭᠠᠨᠮᠥ᠋ᠴᠢᠷ ᠤᠨ ᠡᠨᠡ ᠲᠠᠪᠤᠨ ᠵᠢᠯ ᠤᠨ ᠲᠤᠷᠰᠢᠬᠢ ᠠᠮᠵᠢᠯᠲᠠ ᠪᠦᠲᠦᠮᠵᠢ᠂ ᠬᠤᠪᠢᠷᠠᠯᠲᠠ ᠵᠢᠴᠢ ᠬᠤᠶᠢᠰᠢᠳᠠ ᠶᠢᠨ ᠴᠢᠷᠮᠠᠶᠢᠯᠭ᠎ᠠ ᠶᠢᠨ ᠵᠣᠷᠢᠭ ᠪᠣᠯᠤᠨ ᠴᠢᠭᠯᠡᠯ ᠢ ᠳ᠋ᠦᠩᠨᠡᠨ ᠮᠡᠳᠡᠭᠦᠯᠵᠡᠢ᠃
   ᠬᠠᠷᠢᠭᠤ ᠵᠠᠬᠢᠳᠠᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠮᠢᠳᠤᠷᠠᠯ ᠤᠨ ᠦᠩ ᠰᠢᠮᠡᠯᠢᠭ ᠬᠥᠷᠥᠰᠥᠨ ᠳᠤ ᠦᠨᠳᠦᠰᠦᠯᠡᠨ᠎ᠡ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠯᠢᠶᠠᠩᠴᠧᠩ ᠰᠢᠶᠠᠨ ᠤ ᠤᠯᠠᠭᠠᠨᠮᠥ᠋ᠴᠢᠷ ᠤᠨ ᠬᠢᠨ ᠦᠷᠭᠦᠯᠵᠢᠯᠡᠨ ᠪᠣᠳᠠᠲᠤ ᠠᠮᠢᠳᠤᠷᠠᠯ ᠳᠤ ᠦᠨᠳᠦᠰᠦᠯᠡᠵᠦ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠤᠯᠠᠨ ᠲᠦᠮᠡᠨ ᠲᠠᠢ ᠤᠢᠢᠷᠠᠳᠤᠭᠰᠠᠨ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠥᠷᠭᠡᠨ ᠤᠯᠠᠨ ᠲᠦᠮᠡᠨ ᠳᠤ ᠰᠣᠶᠣᠯ᠂ ᠤᠳᠬ᠎ᠠ ᠤᠷᠠᠯᠢᠭ᠂ ᠦᠢᠯᠡᠴᠢᠯᠡᠭᠡ ᠬᠦᠷᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠪᠣᠯᠬᠤ ᠪᠣᠯᠤᠨ᠎ᠠ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2