ᠰᠤᠷᠭᠠᠨ ᠬᠥᠮᠦᠵᠢᠯ ᠤᠨ ᠰᠢᠰᠲ᠋ᠧᠮ ᠤᠨ 280 ᠭᠠᠷᠤᠶ ᠰᠠᠶᠢᠨ ᠳᠤᠷ᠎ᠠ ᠶᠢᠨ ᠠᠵᠢᠯᠯᠠᠭᠴᠢ ᠬᠤᠩ ᠮᠤᠤ ᠪᠠᠯᠭᠠᠰᠤᠨ ᠤ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/12/2
   ᠣᠶᠢᠷ᠎ᠠ ᠳᠤ᠂ ᠬᠤᠩ ᠮᠤᠤ ᠪᠠᠯᠭᠠᠰᠤᠨ ᠤ ᠭᠤᠤᠯᠳᠠᠯᠭ᠎ᠠ ᠲᠠᠢ ᠣᠷᠣᠨ ᠪᠦᠰᠡ ᠳᠤ ᠪᠥᠭᠡᠮ ᠬᠦᠴᠢᠯ ᠤᠨ ᠥᠯᠢᠭᠡᠷ ᠠᠪᠴᠤ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ ᠣᠯᠠᠨ ᠪᠠᠭᠰᠢ ᠨᠠᠷ ᠤᠷᠢᠶᠠᠯᠠᠭ᠎ᠠ ᠶᠢ ᠢᠳᠡᠪᠬᠢᠲᠡᠶ ᠪᠠᠷ ᠳᠠᠭᠠᠵᠤ᠂ ᠨᠡᠷ᠎ᠡ ᠠᠯᠳᠠᠷᠲᠠᠶ ᠪᠠᠷ ᠬᠥᠳᠡᠯᠦᠯᠴᠡᠨ᠂ ᠵᠠᠷᠯᠢᠭ ᠢ ᠰᠣᠨᠣᠰᠴᠤ᠂ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠰᠠᠶᠢᠨ ᠳᠤᠷ᠎ᠠ ᠠᠴᠠ ᠪᠠᠨ ᠢᠳᠡᠪᠬᠢᠲᠡᠶ ᠣᠷᠣᠯᠴᠠᠵᠤ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠮᠠᠨ ᠤ ᠰᠢᠶᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠳᠤ ᠬᠦᠴᠦᠨ ᠨᠡᠮᠡᠷᠢᠯᠡᠪᠡ᠃
   ᠬᠠᠷ᠎ᠠ ᠥᠷᠯᠥᠭᠡ᠂ ᠬᠤᠩ ᠮᠤᠤ ᠪᠠᠯᠭᠠᠰᠤ ᠶᠢᠨ ᠵᠢᠤ ᠲᠠᠩ ᠲᠣᠰᠬᠤᠨ ᠤ ᠪᠥᠭᠡᠮ ᠬᠦᠴᠢᠯ ᠤᠨ ᠦᠯᠢᠭᠡᠷ ᠠᠪᠬᠤ ᠭᠠᠵᠠᠷ ᠲᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠪᠠᠢ ᠶᠠ ᠯᠢᠩ ᠬᠠᠮᠲᠤ ᠠᠵᠢᠯᠯᠠᠭᠰᠠᠳ ᠲᠠᠢ ᠪᠠᠨ ᠤᠢᠢᠷ᠎ᠠ ᠬᠠᠪᠢ ᠶᠢᠨ ᠰᠠᠭᠤᠭᠠᠯᠢ ᠠᠷᠠᠳ ᠲᠤ ᠪᠥᠭᠡᠮ ᠬᠦᠴᠢᠯ ᠤᠨ ᠦᠯᠢᠭᠡᠷ ᠠᠪᠬᠤ ᠠᠵᠢᠯ ᠢ ᠡᠮᠬᠢ ᠵᠢᠷᠤᠮ ᠲᠠᠢ ᠪᠠᠷ ᠬᠢᠵᠦ᠂ ᠤᠯᠠᠨ ᠢᠶᠠᠷ ᠢᠶᠠᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠭᠤᠭᠠᠯᠢ ᠠᠷᠠᠳ ᠢ ᠳᠠᠭᠠᠭᠤᠯᠤᠨ ᠡᠮᠬᠢ ᠵᠢᠷᠤᠮ ᠲᠠᠢ ᠪᠠᠷ ᠮᠥᠷᠯᠡᠵᠦ᠂ ᠮᠡᠳᠡᠭᠡ ᠵᠠᠩᠭᠢ ᠣᠷᠣᠭᠤᠯᠬᠤ ᠠᠴᠠ ᠠᠪᠤᠭᠠᠳ ᠵᠠᠯᠭᠢᠭᠤᠷ ᠤᠨ ᠵᠦᠯᠭᠦᠭᠦᠷ ᠴᠤᠭᠯᠠᠭᠤᠯᠬᠤ ᠬᠦᠷᠲᠡᠯ᠎ᠡ᠂ ᠠᠯᠬᠤᠮ ᠪᠦᠷᠢ ᠶᠢ ᠨᠠᠷᠢᠨ ᠬᠢᠨᠠᠮᠠᠭᠠᠢ ᠬᠢᠵᠦ᠂ ᠪᠦᠬᠦ᠋ᠢᠯᠡ ᠪᠥᠭᠡᠮ ᠬᠦᠴᠢᠯ ᠤᠨ ᠴᠤᠭᠯᠠᠭᠤᠯᠬᠤ ᠠᠵᠢᠯ ᠢ ᠡᠮᠬᠢ ᠵᠢᠷᠤᠮ ᠲᠠᠢ ᠪᠠᠷ ᠶᠠᠪᠤᠭᠳᠠᠭᠤᠯᠵᠠᠢ᠃
      ︽ᠪᠠᠭᠰᠢ ᠪᠣᠯᠤᠭᠰᠠᠨ ᠤ ᠬᠤᠪᠢ ᠳᠤ᠂ ᠪᠢ ᠰᠠᠶᠢᠨ ᠳᠤᠷ᠎ᠠ ᠠᠴᠠ ᠪᠠᠨ ᠴᠥᠮ᠎ᠡ ᠶᠢᠨ ᠬᠦᠴᠢᠯ ᠴᠤᠭᠯᠠᠭᠤᠯᠬᠤ ᠠᠵᠢᠯ ᠳᠤ ᠣᠷᠣᠯᠴᠠᠪᠠ᠂ ᠬᠡᠳᠦ᠋ᠢᠪᠡᠷ ᠡᠳᠦᠷ ᠪᠦᠷᠢ ᠶᠠᠳᠠᠷᠠᠵᠤ ᠵᠦᠳᠡᠷᠡᠵᠦ ᠪᠠᠶᠢᠪᠠᠴᠤ ᠨᠤᠲᠤᠭ ᠤᠰᠤᠨ ᠤ ᠪᠠᠨ ᠲᠥᠯᠥᠭᠡ ᠥᠴᠦᠬᠡᠨ ᠬᠦᠴᠦ ᠪᠠᠨ ᠡᠷᠭᠦᠭᠰᠡᠨ ᠳᠡᠭᠡᠨ ᠮᠠᠰᠢ ᠪᠠᠶᠠᠷᠯᠠᠵᠤ ᠪᠠᠶᠢᠨ᠎ᠠ᠂ ᠪᠢᠳᠡ ᠯᠠᠪᠲᠠᠢ ᠬᠢᠵᠢᠭ ᠤᠨ ᠪᠠᠶᠢᠳᠠᠯ ᠢ ᠢᠯᠠᠨ ᠳᠠᠪᠠᠵᠤ ᠴᠢᠳᠠᠨ᠎ᠠ ᠭᠡᠳᠡᠭ ᠢ ᠪᠢ ᠢᠲᠡᠭᠡᠵᠦ ᠪᠠᠶᠢᠨ᠎ᠠ︾ ᠭᠡᠵᠦ ᠵᠢᠭᠠᠵᠤ ᠭᠠᠷᠭᠠᠪᠠ᠃ ︽ᠨᠢᠭᠡᠨ ᠪᠠᠭᠰᠢ ᠪᠣᠯᠤᠭᠰᠠᠨ ᠤ ᠬᠤᠪᠢ ᠳᠤ᠂ ᠪᠢ ᠰᠠᠶᠢᠨ ᠳᠤᠷ᠎ᠠ ᠠᠴᠠ ᠪᠠᠨ ᠪᠥᠭᠡᠮ ᠬᠦᠴᠢᠯ ᠴᠤᠭᠯᠠᠭᠤᠯᠬᠤ ᠠᠵᠢᠯ ᠳᠤ ᠣᠷᠣᠯᠴᠠᠪᠠ᠂ ᠪᠢᠳᠡ ᠯᠠᠪᠲᠠᠢ ᠬᠢᠵᠢᠭ ᠤᠨ ᠪᠠᠶᠢᠳᠠᠯ ᠢ ᠢᠯᠠᠨ ᠳᠠᠪᠠᠵᠤ ᠴᠢᠳᠠᠨ᠎ᠠ ᠭᠡᠳᠡᠭ ᠲᠤ ᠪᠢ ᠮᠠᠰᠢ ᠢᠲᠡᠭᠡᠯ ᠲᠠᠢ ᠪᠠᠶᠢᠨ᠎ᠠ︾ ᠭᠡᠵᠦ ᠬᠡᠯᠡᠪᠡ᠃ ᠭᠡᠵᠦ ᠪᠠᠢ ᠶᠠ ᠯᠢᠩ ᠬᠡᠯᠡᠪᠡ᠃    ᠪᠠᠢ ᠶᠠ ᠯᠢᠩ ᠲᠠᠢ ᠠᠳᠠᠯᠢ ᠪᠠᠷ᠂ ᠮᠠᠶᠢᠬᠠᠨᠳᠤ ᠭᠤᠣᠯ ᠰᠤᠷᠭᠠᠭᠤᠯᠢ ᠶᠢᠨ ᠪᠠᠭᠰᠢ ᠹᠧᠩ ᠲᠢ ᠵᠢᠶᠦ᠋ᠨ ᠹᠦ᠋ ᠲᠠᠢ ᠭᠡᠷ ᠣᠷᠣᠨ ᠤ ᠪᠠᠭ᠎ᠠ ᠲᠣᠭᠤᠷᠢᠭ ᠤᠨ ᠪᠥᠭᠡᠮ ᠬᠦᠴᠢᠯ ᠤᠨ ᠦᠯᠢᠭᠡᠷ ᠠᠪᠬᠤ ᠠᠵᠢᠯ ᠢ ᠬᠠᠷᠢᠭᠤᠴᠠᠵᠤ᠂ ᠪᠥᠭᠡᠮ ᠬᠦᠴᠢᠯ ᠤᠨ ᠦᠯᠢᠭᠡᠷ ᠠᠪᠬᠤ ᠠᠵᠢᠯ ᠢ ᠡᠷᠲᠡᠬᠡᠨ ᠳᠠᠭᠤᠰᠬᠠᠬᠤ ᠶᠢᠨ ᠲᠥᠯᠥᠭᠡ᠂ ᠲᠡᠷᠡ ᠥᠷᠯᠥᠭᠡ ᠠᠴᠠ ᠦᠳᠡ ᠪᠣᠯᠲᠠᠯ᠎ᠠ ᠨᠢᠭᠡ ᠮᠥᠴᠡ ᠴᠦ ᠠᠮᠠᠷᠠᠬᠤ ᠦᠭᠡᠢ᠂ ᠬᠡᠳᠦᠨ ᠡᠳᠦᠷ ᠳᠠᠷᠠᠭᠠᠯᠠᠨ ᠦᠯᠢᠭᠡᠷ ᠠᠪᠬᠤ ᠳᠤ ᠣᠷᠣᠯᠴᠠᠵᠤ᠂ ᠶᠡᠷᠦ ᠠᠴᠠ ᠵᠣᠪᠠᠭᠤᠷᠢ ᠵᠦᠳᠡᠭᠦᠷᠢ ᠲᠠᠢ ᠭᠡᠵᠦ ᠶᠠᠷᠢᠳᠠᠭ ᠦᠭᠡᠢ᠃
        ︽ᠴᠥᠮ᠎ᠡ ᠶᠢᠨ ᠬᠦᠴᠢᠯ ᠤᠨ ᠪᠠᠶᠢᠴᠠᠭᠠᠯᠲᠠ ᠳᠤ ᠬᠠᠮᠠᠭᠠᠯᠠᠯᠲᠠ ᠶᠢᠨ ᠬᠤᠪᠴᠠᠰᠤ ᠡᠮᠦᠰᠬᠦ ᠳᠤ ᠬᠡᠳᠦ᠋ᠢᠪᠡᠷ ᠨᠦᠢᠲᠠᠨ ᠪᠥᠭᠡᠳ ᠬᠦᠢᠲᠡᠨ ᠪᠠᠶᠢᠳᠠᠭ ᠪᠣᠯᠪᠠᠴᠤ ᠮᠢᠨᠦ ᠭᠠᠷᠭᠠᠭᠰᠠᠨ ᠦᠨ᠎ᠡ ᠪᠡᠨ᠎ᠡ ᠲᠠᠢ ᠭᠡᠵᠦ ᠪᠢ ᠦᠵᠡᠵᠦ ᠪᠠᠶᠢᠨ᠎ᠠ᠂ ᠬᠢᠵᠢᠭ ᠤᠨ ᠪᠠᠶᠢᠳᠠᠯ ᠢ ᠡᠷᠲᠡᠬᠡᠨ ᠥᠩᠭᠡᠷᠡᠭᠦᠯᠬᠦ ᠶᠢ ᠬᠦᠰᠡᠵᠦ ᠪᠠᠶᠢᠨ᠎ᠠ︾᠃ ᠭᠡᠵᠦ ᠹᠧᠩ ᠲᠢ ᠵᠢᠶᠦ᠋ᠨ ᠬᠡᠯᠡᠪᠡ᠃     ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠶ ᠬᠠᠷᠢᠭᠤᠴᠠᠯᠭ᠎ᠠ ᠮᠥᠨ᠃ ᠡᠨᠡ ᠵᠢᠯ ᠤᠨ 9 ᠰᠠᠷ᠎ᠠ ᠠᠴᠠ ᠡᠬᠢᠯᠡᠨ᠂ ᠰᠢᠶᠠᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ 280 ᠭᠠᠷᠤᠶ ᠪᠠᠭᠰᠢ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠪᠥᠭᠡᠮ ᠬᠦᠴᠢᠯ ᠤᠨ ᠥᠯᠢᠭᠡᠷ ᠠᠪᠬᠤ ᠠᠵᠢᠯ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠢ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠳᠤ  ᠭᠦᠢᠴᠡᠳ ᠪᠡᠯᠡᠳᠬᠡᠯ ᠬᠢᠭᠰᠡᠨ ᠪᠥᠭᠡᠳ ᠥᠯᠢᠭᠡᠷ ᠠᠪᠬᠤ ᠠᠵᠢᠯ ᠤᠨ ᠡᠯᠪᠡᠭ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ ᠲᠤᠰ ᠤᠳᠠᠭᠠᠨ ᠤ ᠪᠥᠭᠡᠮ ᠬᠦᠴᠢᠯ ᠤᠨ ᠦᠯᠢᠭᠡᠷ ᠠᠪᠬᠤ ᠠᠵᠢᠯ ᠤᠨ ᠳᠤᠮᠳᠠ᠂ ᠥᠷᠭᠡᠨ ᠤᠯᠠᠨ ᠪᠠᠭᠰᠢ ᠰᠠᠶᠢᠨ ᠳᠤᠷ᠎ᠠ ᠶᠢᠨ ᠠᠵᠢᠯᠯᠠᠭᠴᠢ ᠪᠠᠭ᠎ᠠ ᠭᠡᠷ ᠢᠶᠠᠨ ᠬᠠᠶᠠᠵᠤ ᠤᠯᠠᠨ ᠤ ᠲᠥᠯᠥᠭᠡ ᠵᠢᠳᠬᠦᠵᠦ᠂ ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠣᠷᠣᠵᠤ᠂ ᠴᠥᠮ᠎ᠡ ᠶᠢᠨ ᠬᠦᠴᠢᠯ ᠤᠨ ᠦᠯᠢᠭᠡᠷ ᠠᠪᠬᠤ ᠠᠯᠬᠤᠮ ᠳᠠᠷᠠᠭ᠎ᠠ ᠪᠣᠯᠤᠨ ᠪᠠᠷᠢᠮᠵᠢᠶ᠎ᠠ ᠶᠢ ᠨᠠᠷᠢᠨ ᠬᠢᠨᠠᠮᠠᠭᠠᠢ ᠬᠠᠷᠢᠭᠤᠴᠠᠵᠤ᠂ ᠴᠢᠩᠭ᠎ᠠ ᠵᠢᠷᠤᠮᠯᠠᠨ᠂ ᠲᠤᠰ ᠤᠳᠠᠭ᠎ᠠ ᠶᠢᠨ ᠴᠥᠮ᠎ᠡ ᠶᠢᠨ ᠬᠦᠴᠢᠯ ᠤᠨ ᠦᠯᠢᠭᠡᠷ ᠠᠪᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠤᠨ ᠪᠠᠭᠰᠢ︾᠎ ᠶᠢᠨ ᠭᠤᠶᠠᠴᠢ ᠦᠭᠡᠢ ᠠᠶᠤᠬᠤ ᠦᠭᠡᠢ᠂ ᠬᠦᠴᠢᠷ ᠢ ᠰᠦᠷᠦᠨ ᠤᠷᠤᠭᠰᠢᠯᠠᠬᠤ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2