ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/2
  11 ᠰᠠᠷ᠎ᠠ ᠶᠢᠨ 8 ᠤ ᠡᠳᠦᠷ᠂ ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠭᠤᠯᠪᠠ᠂ ᠬᠤᠷᠠᠯ ᠠᠴᠠ᠂ ᠰᠤᠷᠭᠠᠨ ᠬᠥᠮᠦᠵᠢᠯ ᠤᠨ ᠰᠢᠰᠲ᠋ᠧᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
       ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠶᠡᠭᠡ ᠶᠠᠪᠤᠳᠠᠯ ᠪᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠬᠤ ᠬᠡᠷᠡᠭᠲᠡᠶ᠃ ᠰᠦᠯᠵᠢᠶᠡᠨ ᠤ ᠪᠠ ᠰᠦᠯᠵᠢᠶᠡᠨ ᠤ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠮᠡᠷᠭᠡᠵᠢᠯᠲᠡᠨ ᠳᠠᠭᠠᠭᠤᠯᠤᠨ ᠰᠤᠷᠤᠯᠴᠠᠬᠤ᠂ ᠱᠦᠵᠢ ᠨᠠᠮ ᠤᠨ ᠬᠢᠴᠢᠶᠡᠯ ᠣᠷᠣᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠤᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠶᠢ ᠢᠳᠡᠪᠬᠢᠲᠡᠢ ᠥᠷᠨᠢᠭᠦᠯᠬᠦ ᠳᠤ᠂ ᠨᠠᠮ ᠤᠨ ᠭᠡᠰᠢᠭᠦᠨ᠂ ᠺᠠᠳ᠋ᠷ᠂ ᠪᠠᠭᠰᠢ ᠨᠠᠷ ᠤᠨ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠢ ᠰᠠᠶᠢᠲᠤᠷ ᠵᠣᠬᠢᠶᠠᠨ ᠪᠠᠶᠢᠭᠤᠯᠵᠤ᠂ ᠪᠠᠶᠠᠯᠢᠭ ᠰᠠᠶᠢᠬᠠᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠭᠠᠨ ᠬᠥᠮᠦᠵᠢᠯ ᠤᠨ ᠰᠢᠰᠲ᠋ᠧᠮ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠴᠡᠴᠡᠭᠯᠡᠨ ᠵᠢᠮᠢᠰᠯᠡᠬᠦ ᠶᠢ ᠭᠦᠨᠵᠡᠭᠡᠢ ᠠᠬᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠭᠤᠶᠢᠳᠠ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠠᠢ᠃     ᠯᠢᠶᠠᠩᠴᠧᠩ  ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ  ᠾᠥᠸᠧ ᠶᠢᠨ ᠶᠤᠸᠠᠨ᠄ ︽ᠰᠤᠷᠭᠠᠨ ᠬᠥᠮᠦᠵᠢᠯ ᠤᠨ ᠠᠵᠢᠯᠳᠠᠨ ᠪᠣᠯᠤᠭᠰᠠᠨ ᠤ ᠬᠤᠪᠢ ᠳᠤ᠂ ᠡᠷᠬᠡᠪᠰᠢ ᠬᠡᠨ ᠤ ᠲᠥᠯᠥᠭᠡ ᠬᠥᠮᠦᠨ ᠢ ᠬᠥᠮᠦᠵᠢᠭᠦᠯᠬᠦ᠂ ᠶᠠᠮᠠᠷ ᠬᠥᠮᠦᠨ ᠢ ᠬᠥᠮᠦᠵᠢᠭᠦᠯᠬᠦ᠂ ᠬᠡᠷᠬᠢᠨ ᠬᠥᠮᠦᠨ ᠢ ᠬᠥᠮᠦᠵᠢᠭᠦᠯᠬᠦ ᠶᠢ ᠮᠡᠳᠡᠬᠦ ᠬᠡᠷᠡᠭᠲᠡᠢ᠂ ᠵᠠᠪᠠᠯ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠷᠮᠠᠶᠢᠨ ᠰᠤᠳᠤᠯᠵᠤ᠂ ᠰᠢᠨ᠎ᠡ ᠶᠢ ᠡᠭᠦᠳᠴᠦ᠂ ᠬᠦᠴᠦᠯᠡᠨ ᠴᠢᠷᠮᠠᠶᠢᠵᠤ᠂ ᠵᠣᠷᠢᠭᠲᠠᠢ ᠪᠠᠷ ᠤᠷᠤᠭᠰᠢᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠡᠷᠬᠢᠯᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠬᠡᠷᠡᠭᠲᠡᠢ︾ ᠭᠡᠵᠦ ᠬᠡᠯᠡᠪᠡ᠃    ᠰᠢᠶᠠᠨ ᠤ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠲᠥᠪ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠶᠠᠩ ᠰᠢᠶᠤᠤ ᠳ᠋ᠦᠩ ᠬᠡᠯᠡᠬᠦ ᠳᠡᠭᠡᠨ᠄ ︽ᠰᠤᠷᠭᠠᠨ ᠬᠥᠮᠦᠵᠢᠯ ᠤᠨ ᠠᠵᠢᠯᠳᠠᠨ ᠪᠣᠯᠤᠭᠰᠠᠨ ᠤ ᠬᠤᠪᠢ ᠳᠤ ᠂ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠤᠷᠭᠠᠨ ᠬᠥᠮᠦᠵᠢᠯ ᠤᠨ ᠤᠬ ᠰᠠᠨᠠᠭ᠎ᠠ ᠪᠠᠨ ᠦᠯᠦ ᠮᠠᠷᠲᠠᠵᠤ᠂ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠡᠭᠦᠷᠭᠡ ᠪᠠᠨ ᠪᠠᠲᠤ ᠴᠡᠭᠡᠵᠢᠯᠡᠵᠦ᠂ ᠵᠢᠭᠠᠨ ᠰᠤᠳᠤᠯᠬᠤ ᠠᠵᠢᠯ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠳᠤᠮᠳᠠ ᠦᠨᠡᠨᠬᠦ ᠢᠯᠡᠭᠦᠬᠡᠨ ᠬᠦᠴᠦ ᠣᠷᠣᠭᠤᠯᠵᠤ᠂  ᠬᠢᠴᠢᠶᠡᠯ ᠤᠨ ᠲᠠᠩᠬᠢᠮ ᠤᠨ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠠᠢ᠃
          ᠮᠠᠶᠢᠬᠠᠨᠳᠤ ᠭᠤᠣᠯ ᠰᠤᠷᠭᠠᠭᠤᠯᠢ ᠶᠢᠨ ᠵᠠᠬᠢᠷᠤᠯ ᠴᠧᠨ ᠰᠢᠶᠠᠩ ᠬᠤᠩ᠄ ︽ᠦᠨᠳᠦᠰᠦᠨ ᠱᠠᠲᠤᠨ ᠤ ᠰᠤᠷᠭᠠᠨ ᠬᠥᠮᠦᠵᠢᠯ ᠤᠨ ᠠᠵᠢᠯᠳᠠᠨ ᠪᠣᠯᠤᠭᠰᠠᠨ ᠤ ᠬᠤᠪᠢ ᠳᠤ᠂ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠰᠡᠳᠬᠢᠯ ᠲᠠᠯᠪᠢᠨ ᠬᠥᠮᠦᠨ ᠢ ᠬᠥᠮᠦᠵᠢᠭᠦᠯᠵᠦ ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠲᠥᠯᠥᠭᠡ ᠴᠢᠷᠮᠠᠶᠢᠨ ᠲᠡᠮᠡᠴᠡᠨ᠎ᠡ︾ ᠭᠡᠵᠦ ᠬᠡᠯᠡᠪᠡ᠃                                                     ᠨᠠᠶᠢᠷᠠᠭᠤᠯᠤᠭᠴᠢ᠄  ᠯᠢ ᠬᠤᠩ ᠢᠦᠢ                                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2