ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ | 11 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠦᠲᠦᠮᠵᠢᠲᠡᠶ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠪᠠ᠂ ᠬᠠᠮᠲᠤ ᠪᠠᠷ ᠠᠩᠬᠠᠷᠴᠠᠭᠠᠶ᠎ᠠ︕ | ᠤᠷᠲᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠪᠠᠶᠢᠳᠠᠯ ᠢ ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ | ᠬᠡᠷᠡᠭᠲᠡᠢ | ᠤᠷᠳᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠨᠢ ᠠᠷᠠᠳ ᠤᠯᠠᠨ ᠤ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠵᠢᠷᠤᠮ ᠢ ᠲᠤᠶᠢᠯ ᠤᠨ ᠶᠡᠭᠡ ᠪᠠᠷ ᠨᠥᠯᠥᠭᠡᠯᠡᠬᠦ ᠪᠠᠷ ᠪᠠᠷᠠᠬᠤ ᠦᠭᠡᠢ ᠠᠮᠠᠷᠬᠠᠨ ᠪᠤᠬᠢᠨᠢᠳᠤᠬᠤ | ᠰᠡᠳᠬᠢᠯᠭᠡ ᠶᠢ ᠡᠭᠦᠰᠬᠡᠵᠦ᠂ ᠠᠮᠢᠳᠤᠷᠠᠯ ᠤᠨ ᠬᠦᠴᠢᠷᠳᠡᠯ ᠢ ᠪᠤᠢ ᠪᠣᠯᠭᠠᠳᠠᠭ᠃ ᠡᠶᠢᠮᠦᠷᠬᠦᠦ ᠪᠠᠶᠢᠳᠠᠯ ᠢ ᠡᠷᠬᠡᠪᠰᠢ | ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ᠃ ᠡᠶᠢᠮᠦ ᠠᠴᠠ᠂ ᠡᠯ᠎ᠡ ᠭᠠᠵᠠᠷ ᠤᠨ ᠬᠢᠨ ᠥᠨᠳᠥᠷ ᠳᠣᠣᠷ᠎ᠠ ᠳᠡᠰ ᠤᠨ | ᠲᠦᠭᠰᠢᠭᠦᠷᠢᠲᠦ ᠣᠷᠣᠨ ᠢ ᠬᠤᠪᠢᠶᠠᠷᠢᠯᠠᠬᠤ ᠪᠠᠷᠢᠮᠵᠢᠶ᠎ᠠ ᠶᠢᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ | ᠲᠦᠭᠰᠢᠭᠦᠷᠢᠲᠦ ᠣᠷᠣᠨ ᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠶᠢ ᠵᠣᠬᠢᠶᠠᠨ ᠪᠠᠶᠢᠭᠤᠯᠤᠨ ᠰᠠᠶᠢᠲᠤᠷ ᠬᠢᠵᠦ | ᠂ ᠵᠠᠷᠴᠢᠮ ᠳᠡᠭᠡᠷ᠎ᠡ ᠪᠠᠨ ᠥᠨᠳᠥᠷ ᠳᠡᠰ ᠤᠨ ᠲᠦᠭᠰᠢᠭᠦᠷᠢᠲᠦ ᠣᠷᠣᠨ ᠢ ᠡᠩ ᠤᠨ ᠪᠠᠶᠢᠳᠠᠯ ᠳᠤ ᠣᠷᠣᠴᠠ᠂ | ᠠᠰᠠᠷ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠬᠤ ᠬᠡᠷᠡᠭᠲᠡᠢ᠂ ᠳᠤᠷ᠎ᠠ ᠪᠠᠷ ᠢᠶᠠᠨ ᠥᠷᠭᠡᠳᠬᠡᠵᠦ ᠪᠣᠯᠬᠤ | ᠦᠭᠡᠢ᠃ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠨᠢ ᠲᠣᠳᠣᠷᠬᠠᠢ ᠦᠭᠡᠢ ᠪᠤᠶᠤ ᠨᠡᠶᠢᠭᠡᠮ | ᠲᠣᠭᠤᠷᠢᠭ ᠲᠤ ᠥᠷᠭᠡᠨ ᠢᠶᠠᠷ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠠᠶᠢᠭ᠎ᠠ ᠪᠠᠶᠢᠳᠠᠯ ᠳᠣᠣᠷ᠎ᠠ᠂ ᠥᠨᠳᠥᠷ | ᠳᠡᠰ ᠤᠨ ᠲᠦᠭᠰᠢᠭᠦᠷᠢᠲᠦ ᠣᠷᠣᠨ ᠤ ᠬᠤᠪᠢᠶᠠᠷᠢᠯᠠᠨ ᠲᠣᠭᠲᠠᠭᠠᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ | ᠥᠷᠭᠡᠳᠬᠡᠵᠦ ᠪᠣᠯᠣᠨ᠎ᠠ᠂ ᠭᠡᠬᠦ ᠳᠤ ᠪᠠᠨ ᠴᠠᠭ ᠲᠤᠬᠠᠢ ᠳᠤ ᠨᠢ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠪᠠ | ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠲᠦᠷᠭᠡᠨ ᠪᠢᠲᠡᠭᠦᠮᠵᠢᠯᠡᠵᠦ ᠲᠦᠷᠭᠡᠨ | ᠲᠠᠶᠢᠯᠬᠤ ᠬᠡᠷᠡᠭᠲᠡᠢ᠃ ᠲᠦᠭᠰᠢᠭᠦᠷᠢᠲᠦ ᠬᠥᠮᠥᠰ ᠢ ᠮᠠᠭᠠᠳᠯᠠᠨ ᠲᠣᠭᠲᠠᠭᠠᠬᠤ ᠳᠤ ᠪᠠᠨ ᠲᠤᠬᠠᠢ ᠶᠢᠨ ᠲᠠᠯᠠᠪᠤᠷ ᠤᠨ | ᠬᠠᠯᠳᠠᠪᠤᠷᠢᠲᠦ ᠡᠪᠡᠳᠴᠢᠨ ᠤ ᠪᠠᠶᠢᠴᠠᠭᠠᠯᠲᠠ ᠪᠠᠷ ᠦᠨᠳᠦᠰᠦᠯᠡᠯ ᠪᠣᠯᠭᠠᠬᠤ ᠬᠡᠷᠡᠭᠲᠡᠢ᠂ ᠴᠠᠭ ᠬᠤᠭᠤᠴᠠᠭ᠎ᠠ ᠪᠠ | ᠣᠷᠣᠨ ᠵᠠᠢ ᠶᠢᠨ ᠳᠠᠭᠠᠯᠲᠠ ᠪᠠᠷ ᠳᠠᠮᠵᠢᠭᠤᠯᠤᠨ ᠬᠡᠪᠴᠢᠶ᠎ᠡ ᠶᠢ ᠨᠢ ᠥᠷᠭᠡᠳᠬᠡᠵᠦ᠂ ᠶᠡᠭᠡ ᠬᠡᠪᠴᠢᠶ᠎ᠡ ᠪᠠᠷ ︽ | ᠠᠳᠡᠭᠦᠷᠡᠨ ᠪᠢᠲᠡᠭᠦᠮᠵᠢᠯᠡᠵᠦ︾ ᠪᠣᠯᠬᠤ ᠦᠭᠡᠢ᠃ ᠬᠢᠵᠢᠭ ᠤᠨ ᠪᠠᠶᠢᠳᠠᠯ ᠠᠴᠠ ᠪᠣᠯᠵᠤ ᠣᠯᠠᠨ ᠲᠦᠮᠡᠨ ᠳᠤ ᠶᠠᠷᠰᠢᠭ | ᠲᠦᠪᠡᠭ ᠤᠴᠠᠷᠠᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠥᠨᠳᠥᠷ ᠳᠡᠰ ᠤᠨ | ᠲᠦᠭᠰᠢᠭᠦᠷᠢᠲᠦ ᠣᠷᠣᠨ ᠢ ᠴᠢᠩᠭ᠎ᠠ ᠬᠠᠮᠢᠶᠠᠷᠤᠨ ᠡᠵᠡᠮᠳᠡᠵᠦ᠂ ︽ᠭᠡᠷ ᠠᠴᠠ ᠪᠠᠨ ᠭᠠᠷᠬᠤ ᠦᠭᠡᠢ︾ ᠪᠠᠶᠢᠬᠤ ᠶᠢ | ᠪᠡᠶᠡᠯᠡᠭᠦᠯᠬᠦ ᠪᠠᠷ ᠪᠠᠷᠠᠬᠤ ᠦᠭᠡᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠣᠯᠠᠨ ᠲᠦᠮᠡᠨ ᠤ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠡᠭᠦᠨ ᠤ ᠵᠡᠷᠭᠡ ᠳᠤ᠂ ᠪᠢᠲᠡᠭᠦᠮᠵᠢᠯᠡᠨ ᠡᠵᠡᠮᠳᠡᠬᠦ ᠪᠠ ᠲᠤᠰᠠᠭᠠᠷᠯᠠᠬᠤ | ᠬᠥᠮᠥᠰ ᠢ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ | ᠵᠢᠷᠮᠦᠰᠦᠨ ᠵᠡᠷᠭᠡ ᠣᠨᠴᠠᠭᠠᠶ ᠬᠥᠮᠥᠰ ᠢ ᠬᠠᠯᠠᠮᠵᠢᠯᠠᠨ ᠬᠠᠪᠰᠤᠷᠬᠤ ᠡᠷᠴᠢᠮ ᠢᠶᠠᠨ ᠴᠢᠩᠭᠠᠷᠠᠭᠤᠯᠵᠤ᠂ ᠠᠷᠠᠳ | ᠣᠯᠠᠨ ᠤ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠵᠠᠷᠯᠠᠨ ᠨᠡᠶᠢᠲᠡᠯᠡᠬᠦ᠂ | ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ᠣᠳᠣᠬᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠨᠡᠯᠢᠶᠡᠳ ᠲᠦᠷᠭᠡᠨ ᠥᠷᠪᠢᠰᠬᠦ | ᠬᠠᠨᠳᠤᠰᠢ ᠲᠠᠢ ᠪᠣᠯᠵᠤ᠂ ᠬᠢᠵᠢᠭ ᠤᠨ ᠪᠠᠶᠢᠳᠠᠯ ᠤᠨ ᠬᠠᠮᠤᠷᠬᠤ ᠬᠡᠪᠴᠢᠶ᠎ᠡ ᠥᠷᠭᠡᠳᠴᠦ᠂ ᠬᠡᠰᠡᠭ ᠭᠠᠵᠠᠷ ᠣᠷᠣᠨ ᠳᠤ | ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠴᠢᠨᠠᠷᠲᠠᠢ ᠳᠠᠬᠢᠨ ᠨᠡᠮᠡᠭᠳᠡᠬᠦ ᠠᠶᠤᠯ ᠲᠦᠭᠰᠢᠭᠦᠷᠢ ᠢᠯᠡᠷᠡᠵᠦ᠂ ᠵᠠᠷᠢᠮ | ᠭᠠᠵᠠᠷ ᠣᠷᠣᠨ ᠳᠤ ᠭᠤᠷᠪᠠᠨ ᠵᠢᠯ ᠤᠨ ᠲᠤᠷᠰᠢᠬᠢ ᠬᠠᠮᠤᠭ ᠤᠨ ᠪᠤᠳᠤᠯᠢᠶᠠᠨᠲᠠᠢ᠂ ᠬᠠᠮᠤᠭ ᠤᠨ ᠬᠦᠨᠳᠦ ᠨᠣᠴᠢᠲᠠᠢ | ᠪᠠᠶᠢᠳᠠᠯ ᠳᠤ ᠲᠤᠯᠭᠠᠷᠠᠵᠤ ᠪᠠᠶᠢᠨ᠎ᠠ᠃ | ᠤᠯᠤᠰ ᠤᠨ ︽ᠶᠢᠰᠦ ᠶᠢ ᠥᠯᠥ ᠵᠥᠪᠰᠢᠶᠡᠷᠡᠬᠦ︾ ᠦᠭᠡ ᠦᠯᠡᠳᠡᠭᠡᠬᠦ ᠰᠠᠮᠪᠠᠷ᠎ᠠ ᠪᠠ ᠶᠠᠷᠢᠶ᠎ᠠ ᠬᠡᠯᠡᠯᠴᠡᠭᠡᠨ ᠤ | ᠪᠠᠶᠢᠳᠠᠯ ᠢᠶᠠᠷ ᠳᠡᠮᠵᠢᠨ ᠣᠶᠢᠯᠠᠭᠠᠭᠰᠠᠨ ᠢᠶᠠᠷ᠂ ᠣᠳᠣᠬᠠᠨ ᠳᠤ ᠣᠯᠠᠨ ᠲᠦᠮᠡᠨ ᠤ ᠲᠤᠰᠬᠠᠭᠰᠠᠨ ᠭᠤᠣᠯ | ᠠᠰᠠᠭᠤᠳᠠᠯ ᠳᠤ ᠡᠨᠡ ᠬᠡᠳᠦᠨ ᠲᠠᠯ᠎ᠠ ᠪᠠᠭᠲᠠᠨ᠎ᠠ᠄ ᠨᠢᠭᠡ ᠳᠤ᠂ ᠵᠠᠷᠢᠮ ᠭᠠᠵᠠᠷ ᠣᠷᠣᠨ ᠤ ᠠᠪᠤᠭᠰᠠᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠨᠢ ᠣᠨᠣᠪᠴᠢᠲᠠᠶ ᠪᠢᠰᠢ ᠪᠠᠶᠢᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ | ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠬᠤ ᠮᠥᠷᠲᠡᠭᠡᠨ ᠤᠯᠤᠰ ᠤᠨ ᠲᠥᠷᠥ ᠶᠢᠨ ᠪᠣᠳᠣᠯᠭ᠎ᠠ ᠲᠠᠢ ᠨᠡᠶᠢᠴᠡᠬᠦ | ᠦᠭᠡᠢ ᠪᠠᠶᠢᠨ᠎ᠠ︔ ᠬᠤᠶᠠᠷ ᠲᠤ᠂ ᠣᠨᠴᠠ ᠵᠠᠷᠢᠮ ᠦᠨᠳᠦᠰᠦᠨ ᠱᠠᠲᠤᠨ ᠤ ᠠᠵᠢᠯᠲᠠᠨ ᠤ ᠠᠵᠢᠯᠯᠠᠬᠤ ᠠᠷᠭ᠎ᠠ ᠨᠢ | ᠲᠠᠩ ᠴᠤᠯᠭᠤᠢ᠂ ᠣᠪᠣᠷ ᠨᠢ ᠮᠠᠭᠤ᠂ ᠬᠦᠯᠢᠴᠡᠩᠭᠦᠢ ᠪᠤᠰᠤ᠂ ᠤᠯᠠᠨ ᠲᠦᠮᠡᠨ ᠲᠠᠢ ᠨᠡᠪᠲᠡᠷᠡᠯᠴᠡᠬᠦ ᠨᠢ ᠰᠢᠯᠤᠭᠤᠨ | ᠪᠢᠰᠢ᠂ ᠵᠥᠷᠢᠴᠡᠯ ᠢ ᠠᠮᠠᠷᠬᠠᠨ ᠬᠤᠷᠴᠠᠳᠬᠠᠵᠤ ᠪᠠᠶᠢᠨ᠎ᠠ︔ ᠭᠤᠷᠪᠠ ᠳᠤ᠂ ᠴᠥᠭᠡᠨ ᠲᠣᠭᠠᠨ ᠤ ᠭᠠᠵᠠᠷ ᠣᠷᠣᠨ ᠤ | ᠬᠢᠵᠢᠭ ᠲᠤ ᠬᠤᠯᠪᠣᠭᠳᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠪᠦᠷᠢᠨ ᠭᠦᠢᠴᠡᠳ ᠨᠡᠶᠢᠲᠡᠯᠡᠭᠰᠡᠨ | ᠦᠭᠡᠢ ᠠᠴᠠ ᠪᠣᠯᠵᠤ ᠤᠯᠠᠨ ᠲᠦᠮᠡᠨ ᠳᠤ ᠠᠮᠠᠷᠬᠠᠨ ᠡ᠊ᠨᠳᠡᠭᠦᠦ ᠣᠶᠢᠯᠠᠭᠠᠯᠲᠠ ᠥᠭᠴᠦ ᠪᠠᠶᠢᠨ᠎ᠠ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠴᠡᠭᠴᠡᠯᠡᠨ ᠵᠠᠰᠠᠵᠤ᠂ ᠣᠷᠣᠨ ᠨᠤᠲᠤᠭ ᠤᠨ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠡᠷᠬᠡᠪᠰᠢ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ᠤᠯᠤᠰ ᠤᠨ ᠰᠡᠷᠭᠡᠶᠢᠯᠡᠨ ᠡᠵᠡᠮᠳᠡᠬᠦ ᠨᠢᠭᠡᠳᠦᠯᠲᠡᠢ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠳᠤᠷ᠎ᠠ ᠪᠠᠷ | ᠰᠤᠷᠭᠠᠭᠤᠯᠢ ᠶᠢ ᠪᠢᠲᠡᠭᠦᠮᠵᠢᠯᠡᠨ ᠬᠢᠴᠢᠶᠡᠯ ᠢ ᠵᠣᠭᠰᠤᠭᠠᠬᠤ᠂ ᠠᠵᠢᠯ ᠢ ᠵᠣᠭᠰᠣᠭᠠᠵᠤ ᠦᠢᠯᠡᠳᠪᠦᠷᠢᠯᠡᠯ ᠢ | ᠵᠣᠭᠰᠤᠭᠠᠬᠤ᠂ ᠪᠠᠰᠠ ᠵᠥᠪᠰᠢᠶᠡᠷᠡᠯ ᠦᠭᠡᠢ ᠪᠠᠷ ᠵᠠᠮ ᠬᠠᠷᠢᠯᠴᠠᠭ᠎ᠠ ᠶᠢ ᠲᠠᠰᠤᠯᠬᠤ᠂ ᠳᠤᠷ᠎ᠠ ᠪᠠᠷ ︽ᠲᠣᠭᠲᠠᠩᠭᠤᠢ︾ | ᠬᠠᠮᠢᠶᠠᠷᠤᠯᠲᠠ ᠶᠠᠪᠤᠭᠤᠯᠬᠤ᠂ ᠳᠤᠷ᠎ᠠ ᠪᠠᠷ ᠪᠢᠲᠡᠭᠦᠮᠵᠢᠯᠡᠨ ᠡᠵᠡᠮᠳᠡᠬᠦ᠂ ᠣᠷᠳᠣ ᠬᠤᠭᠤᠴᠠᠭ᠎ᠠ ᠪᠠᠷ ᠪᠢᠲᠡᠭᠦᠮᠵᠢᠯᠡᠯ ᠢ | ᠲᠠᠶᠢᠯᠬᠤ ᠦᠭᠡᠢ᠂ ᠳᠤᠷ᠎ᠠ ᠪᠠᠷ ᠡᠮᠴᠢᠯᠡᠭᠡ ᠶᠢ ᠵᠣᠭᠰᠤᠭᠠᠬᠤ ᠵᠡᠷᠭᠡ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ | ᠲᠥᠷᠥᠯ ᠤᠨ ᠦᠶᠯᠡ ᠠᠵᠢᠯᠯᠠᠭ᠎ᠠ ᠶᠢ ᠵᠠᠷᠯᠠᠨ ᠮᠡᠳᠡᠭᠳᠡᠬᠦ᠂ ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ | ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ᠃ | ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ | ᠦᠭᠡᠢ ᠴᠢᠨᠠᠷ ᠢ ᠣᠨᠴᠠᠭᠠᠶᠢᠯᠠᠨ ᠠᠩᠬᠠᠷᠬᠤ ᠬᠡᠷᠡᠭᠲᠡᠢ | ᠵᠠᠷᠢᠮ ᠭᠠᠵᠠᠷ ᠤᠨ ᠬᠢᠨ ᠠᠳᠠᠯᠢ ᠪᠤᠰᠤ ᠬᠡᠯᠪᠡᠷᠢ ᠪᠠᠷ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠠᠵᠢᠯ ᠢ | ᠥᠷᠨᠢᠭᠦᠯᠬᠦ ᠪᠠᠷ ᠲᠤᠷᠰᠢᠵᠤ ᠪᠠᠶᠢᠨ᠎ᠠ᠂ ᠭᠡᠪᠡᠴᠦ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ | ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ ᠣᠨᠴᠠᠭᠠᠶᠢᠯᠠᠨ ᠠᠩᠬᠠᠷᠴᠤ᠂ ᠪᠦᠷᠢᠨ ᠲᠡᠭᠦᠯᠳᠡᠷ | ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ | ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠤᠴᠢᠷ ᠨᠢ ᠦᠯᠢᠭᠡᠷ ᠠᠪᠬᠤ ᠶᠢᠨ ᠶᠠᠰᠤ | ᠴᠢᠨᠠᠷ ᠤᠨ ᠵᠢᠷᠤᠮᠵᠢᠭᠤᠨ ᠴᠢᠨᠠᠷ ᠪᠠ ᠠᠶᠤᠯ ᠦᠭᠡᠢ ᠴᠢᠨᠠᠷ ᠪᠣᠯ ᠲᠤᠶᠢᠯ ᠤᠨ ᠴᠢᠬᠤᠯᠠ ᠶᠤᠮ᠂ ᠡᠶᠢᠮᠦ ᠠᠴᠠ ᠪᠥᠭᠡᠮ | ᠬᠦᠴᠢᠯ ᠢ ᠥᠪᠡᠰᠦᠪᠡᠨ ᠴᠤᠭᠯᠠᠭᠤᠯᠬᠤ ᠳᠤ ᠴᠤ ᠦᠯᠢᠭᠡᠷ ᠠᠪᠬᠤ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃ | ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠬᠤᠪᠢᠰᠤᠭᠰᠠᠨ ᠰᠠᠯᠪᠤᠷᠢ ᠶᠢᠨ ᠡᠪᠡᠳᠴᠢᠯᠡᠭᠦᠯᠬᠦ | ᠬᠦᠴᠦᠨ ᠪᠠ ᠬᠤᠣᠷᠲᠤ ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ | ᠬᠠᠷᠢᠴᠠᠭᠤᠯᠪᠠᠯ ᠢᠯᠡᠳᠲᠡ ᠪᠠᠭᠤᠷᠠᠵᠠᠢ | ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ | ᠭᠡᠷᠡᠴᠢᠯᠡᠭᠰᠡᠨ ᠢᠶᠠᠷ᠂ ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠰᠠᠯᠪᠤᠷᠢᠯᠠᠨ ᠬᠤᠪᠢᠰᠤᠭᠰᠠᠨ BA.1 | ᠂ BA.2᠂ BA.5᠂ BF.7᠂ BQ.1 ᠪᠠ ᠳᠠᠬᠢᠨ ᠨᠡᠶᠢᠯᠡᠭᠰᠡᠨ ᠴᠣᠭᠴᠠ XBB ᠶᠢᠨ ᠡᠪᠡᠳᠴᠢᠯᠡᠭᠦᠯᠬᠦ | ᠬᠦᠴᠦᠨ ᠪᠠ ᠬᠤᠣᠷᠲᠤ ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ | ᠬᠠᠷᠢᠴᠠᠭᠤᠯᠪᠠᠯ ᠢᠯᠡᠳᠲᠡ ᠪᠠᠭᠤᠷᠠᠭᠰᠠᠨ ᠪᠠᠶᠢᠨ᠎ᠠ᠃ ᠤᠯᠤᠰ ᠤᠨ ᠭᠠᠳᠠᠭᠠᠳᠤ ᠶᠢᠨ ᠰᠤᠳᠤᠯᠭᠠᠨ ᠠᠴᠠ ᠦᠵᠡᠪᠡᠯ᠂ | ᠣᠮᠢᠺᠷᠦᠨ ᠣᠨᠳᠣᠣᠰᠢᠭᠰᠠᠨ ᠸᠢᠷᠦ᠋ᠰ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠬᠦ ᠪᠠ ᠦᠬᠦᠬᠦ ᠬᠠᠷᠢᠴᠠᠯ | ᠨᠢ ᠠᠩᠬᠠᠨ ᠤ ᠸᠢᠷᠦ᠋ᠰ ᠪᠠ ᠠᠩᠬᠠᠷᠤᠯ ᠲᠠᠯᠪᠢᠵᠤ ᠪᠠᠶᠢᠭᠰᠠᠨ ᠣᠨᠳᠣᠣᠰᠢᠭᠰᠠᠨ ᠸᠢᠷᠦ᠋ᠰ ᠠᠴᠠ ᠢᠯᠡᠳᠲᠡ ᠳᠣᠣᠷ᠎ᠠ | ᠪᠠᠶᠢᠵᠤ᠂ ᠡᠨᠡ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠣᠨᠴᠠᠯᠢᠭ ᠪᠣᠯᠬᠤ ᠪᠠᠷ ᠪᠠᠷᠠᠬᠤ ᠦᠭᠡᠢ ᠸᠠᠺᠼᠢᠨ ᠤ | ᠲᠠᠷᠢᠯᠭ᠎ᠠ ᠶᠢᠨ ᠬᠥᠮᠥᠰ ᠤᠨ ᠡᠭᠡᠯᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠ ᠴᠠᠭ ᠲᠤᠬᠠᠢ ᠳᠤ ᠨᠢ | ᠡᠮᠴᠢᠯᠡᠭᠰᠡᠨ ᠵᠡᠷᠭᠡ ᠬᠦᠴᠦᠨ ᠵᠦᠢᠯ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ᠃ ᠮᠠᠨ ᠤ ᠤᠯᠤᠰ ᠤᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠭᠰᠡᠳ ᠵᠢᠴᠢ ᠲᠡᠭᠦᠨ ᠲᠠᠢ | ᠬᠤᠯᠪᠣᠭᠳᠠᠬᠤ ᠦᠬᠦᠯ ᠤᠨ ᠨᠣᠷᠮ᠎ᠠ ᠨᠢ ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ ᠪᠠᠶᠢᠨ᠎ᠠ᠂ ᠡᠨᠡ ᠨᠢ ᠮᠠᠨ ᠤ | ᠢᠳᠡᠪᠬᠢᠲᠡᠢ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠪᠠ ᠴᠢᠨᠠᠷ ᠰᠠᠶᠢᠲᠠᠢ ᠠᠪᠤᠷᠠᠨ ᠵᠠᠰᠠᠬᠤ ᠬᠦᠴᠦᠨ ᠢ | ᠨᠢᠭᠡᠳᠦᠯᠲᠡᠢ ᠲᠥᠯᠥᠪᠵᠢᠭᠦᠯᠦᠭᠰᠡᠨ ᠲᠠᠢ ᠬᠤᠯᠪᠣᠭ᠎ᠠ ᠲᠠᠢ ᠶᠤᠮ᠃ ᠬᠢᠲᠠᠳ ᠡᠮ ᠡᠮᠨᠡᠯᠭᠡ ᠨᠢ ᠪᠠᠰᠠ ᠢᠳᠡᠪᠬᠢᠲᠡᠢ | ᠦᠢᠯᠡᠳᠦᠯ ᠭᠠᠷᠭᠠᠭᠰᠠᠨ ᠪᠣᠯᠪᠠᠴᠤ ᠰᠠᠭᠤᠷᠢ ᠴᠢᠨᠠᠷᠲᠠᠢ ᠡᠪᠡᠳᠴᠢᠨ ᠲᠠᠢ᠂ ᠥᠨᠳᠥᠷ ᠨᠠᠰᠤᠲᠠᠢ ᠡᠪᠡᠳᠴᠢᠲᠡᠨ ᠪᠠ | ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠬᠡᠷᠪᠡ ᠣᠮᠢᠺᠷᠦᠨ ᠣᠨᠳᠣᠣᠰᠢᠭᠰᠠᠨ ᠸᠢᠷᠦ᠋ᠰ ᠲᠤ ᠨᠡᠷᠪᠡᠭᠳᠡᠭᠰᠡᠨ ᠤ | ᠳᠠᠷᠠᠭ᠎ᠠ ᠮᠥᠨ ᠬᠦ ᠵᠣᠬᠢᠬᠤ ᠬᠠᠷᠢᠴᠠᠯ ᠢᠶᠠᠷ ᠬᠦᠨᠳᠦ ᠡᠪᠡᠳᠴᠢᠨ ᠳᠤ ᠨᠡᠷᠪᠡᠭᠳᠡᠵᠦ ᠮᠡᠳᠡᠨ᠎ᠡ᠃ ᠭᠡᠪᠡᠴᠦ ᠣᠲᠣ ᠶᠢᠨ | ᠪᠠᠶᠢᠭ᠎ᠠ ᠸᠠᠺᠼᠢᠨ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠯ ᠠᠴᠠ ᠪᠣᠯᠤᠭᠰᠠᠨ ᠬᠦᠨᠳᠦ | ᠡᠪᠡᠳᠴᠢᠨ ᠳᠤ ᠨᠡᠷᠪᠡᠭᠳᠡᠭᠰᠡᠳ ᠪᠠ ᠦᠬᠦᠬᠦ ᠨᠤᠷᠮ᠎ᠠ ᠶᠢ ᠪᠠᠭᠠᠰᠬᠠᠬᠤ ᠳᠤ ᠮᠥᠨ ᠨᠡᠯᠢᠶᠡᠳ ᠰᠠᠶᠢᠨ ᠦᠢᠯᠡᠳᠦᠯ ᠲᠠᠢ | ᠶᠤᠮ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠯᠲᠠ ᠶᠢᠨ ᠦᠢᠯᠡᠳᠦᠯᠭᠡ ᠠᠴᠠ | ᠦᠵᠡᠪᠡᠯ᠂ ᠭᠤᠷᠪᠠᠨ ᠲᠥᠷᠥᠯ ᠤᠨ ᠬᠥᠮᠥᠰ ᠬᠦᠨᠳᠦ ᠡᠪᠡᠳᠴᠢᠨ ᠳᠤ ᠨᠡᠷᠪᠡᠭᠳᠡᠬᠦ ᠬᠠᠨᠳᠤᠰᠢ ᠲᠠᠢ | ᠨᠢᠭᠡ ᠳᠤ᠂ ᠨᠠᠰᠤᠲᠠᠶᠢᠴᠤᠳ᠃ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠰᠢᠨ᠎ᠡ ᠲᠢᠲᠢᠮᠯᠢᠭ | ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ ᠨᠢ ᠬᠦᠨᠳᠦᠷᠡᠬᠦ ᠠᠶᠤᠯᠲᠠᠢ ᠬᠥᠮᠥᠰ ᠪᠣᠯᠣᠨ᠎ᠠ᠃ 80 ᠨᠠᠰᠤᠨ | ᠠᠴᠠ ᠳᠡᠭᠡᠭᠰᠢᠬᠢ ᠨᠠᠰᠤᠲᠠᠶᠢᠴᠤᠳ ᠪᠣᠯ ᠨᠡᠩ ᠴᠤ ᠡᠪᠡᠳᠴᠢᠨ ᠬᠦᠨᠳᠦᠷᠡᠬᠦ ᠠᠶᠤᠯ ᠶᠡᠬᠡᠲᠡᠢ ᠬᠥᠮᠥᠰ ᠪᠣᠯᠣᠨ᠎ᠠ᠃ | ᠡᠶᠢᠮᠦ ᠠᠴᠠ ᠨᠠᠰᠤᠲᠠᠶᠢᠴᠤᠳ ᠲᠠᠢ ᠭᠡᠷ ᠪᠦᠯᠢ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ | ᠬᠠᠯᠳᠠᠪᠤᠷᠢᠯᠠᠯ ᠤᠨ ᠲᠦᠭᠰᠢᠭᠦᠷᠢ ᠶᠢ ᠨᠠᠩ ᠢᠯᠡᠭᠦᠦ ᠰᠡᠷᠭᠡᠶᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠡᠭᠦᠰᠬᠦ | ᠦᠶ᠎ᠡ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠨᠠᠰᠤᠲᠠᠶᠢᠴᠤᠳ ᠤᠨ ᠬᠠᠯᠳᠠᠪᠤᠷᠢᠯᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠨᠠᠰᠤᠲᠠᠶᠢᠴᠤᠳ ᠪᠠᠰᠠ | ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠤᠭᠯᠠᠷᠠᠬᠤ ᠦᠭᠡᠢ | ᠵᠡᠷᠭᠡ ᠬᠤᠪᠢ ᠬᠥᠮᠥᠨ ᠤ ᠪᠦᠲᠦᠮᠵᠢᠲᠡᠶ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ | ᠬᠤᠶᠠᠷ ᠲᠤ᠂ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ᠃ ᠡᠮᠴᠢᠯᠡᠭᠡᠨ ᠤ ᠳᠤᠮᠳᠠ᠂ ᠰᠠᠭᠤᠷᠢ | ᠴᠢᠨᠠᠷᠲᠠᠢ ᠡᠪᠡᠳᠴᠢᠨ ᠲᠠᠢ᠂ ᠢᠯᠠᠩᠭᠤᠶ᠎ᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠠᠮᠢᠰᠬᠤᠯ ᠤᠨ | ᠰᠢᠰᠲ᠋ᠧᠮ ᠤᠨ ᠡᠪᠡᠳᠴᠢᠨ᠂ ᠬᠠᠪᠤᠳᠠᠷ᠂ ᠤᠳᠠᠭᠠᠨ ᠴᠢᠨᠠᠷᠲᠠᠢ ᠪᠥᠭᠡᠷᠡᠨ ᠤ ᠠᠵᠢᠯᠯᠠᠭ᠎ᠠ ᠪᠦᠷᠢᠨ ᠪᠤᠰᠤ ᠵᠡᠷᠭᠡ | ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ | ᠨᠢ ᠬᠦᠨᠳᠦᠷᠡᠬᠦ ᠲᠦᠭᠰᠢᠭᠦᠷᠢ ᠨᠢ ᠨᠠᠩ ᠶᠡᠭᠡ ᠪᠠᠶᠢᠳᠠᠭ᠃ | ᠭᠤᠷᠪᠠ ᠳᠤ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ᠃ ᠸᠠᠺᠼᠢᠨ ᠤ ᠲᠠᠷᠢᠯᠭ᠎ᠠ ᠨᠢ ᠡᠪᠡᠳᠴᠢᠨ | ᠬᠦᠨᠳᠦᠷᠡᠬᠦ ᠪᠠ ᠦᠬᠦᠯ ᠤᠨ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ ᠪᠣᠯᠣᠨ᠎ᠠ᠃ ᠴᠡᠭᠡᠷᠯᠡᠬᠦ ᠡᠪᠡᠳᠴᠢᠨ | ᠦᠭᠡᠢ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠬᠥᠮᠥᠰ᠂ ᠢᠯᠠᠩᠭᠤᠶ᠎ᠠ ᠨᠠᠰᠤᠲᠠᠶᠢᠴᠤᠳ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠢ ᠲᠦᠷᠭᠡᠬᠡᠨ ᠳᠠᠷᠢᠵᠤ᠂ ᠪᠠᠲᠤᠳᠬᠠᠨ ᠲᠠᠷᠢᠬᠤ ᠨᠥᠬᠦᠴᠡᠯ ᠳᠤ ᠨᠡᠶᠢᠴᠡᠪᠡᠯ ᠳᠠᠷᠤᠢ ᠲᠦᠷᠭᠡᠨ | ᠪᠠᠲᠤᠳᠬᠠᠬᠤ ᠲᠠᠷᠢᠯᠭ᠎ᠠ ᠶᠢ ᠲᠠᠷᠢᠬᠤ ᠶᠢ ᠰᠠᠨᠠᠭᠤᠯᠬᠤ ᠬᠡᠷᠡᠭᠲᠡᠢ᠃ | ᠬᠤᠪᠢ ᠬᠥᠮᠥᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶ᠎ᠡ ᠶᠢᠨ ᠬᠠᠯᠳᠠᠪᠤᠷᠢᠯᠠᠯ ᠤᠨ ᠲᠦᠭᠰᠢᠭᠦᠷᠢ ᠠᠴᠠ | ᠬᠡᠷᠬᠢᠨ ᠵᠠᠶᠢᠯᠠᠰᠬᠢᠬᠦ ᠪᠣᠶ︖ | ᠬᠤᠪᠢ ᠬᠥᠮᠥᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠠᠪᠤᠴᠠ ᠳᠤ ᠠᠮᠠᠪᠴᠢ ᠪᠠᠨ ᠰᠠᠶᠢᠲᠤᠷ ᠵᠡᠭᠦᠬᠦ ᠶᠢ | ᠵᠢᠷᠤᠮᠵᠢᠭᠤᠯᠵᠤ᠂ ᠴᠤᠭᠯᠠᠷᠠᠬᠤ ᠦᠭᠡᠢ ᠪᠠᠶᠢᠬᠤ ᠶᠢᠨ ᠬᠠᠮᠲᠤ ᠡᠮᠦᠨ᠎ᠡ ᠬᠤᠶᠢᠨᠠᠬᠢ ᠬᠥᠮᠥᠰ ᠲᠠᠢ ᠪᠠᠨ ᠨᠢᠭᠡ | ᠮᠧᠲᠷ ᠠᠴᠠ ᠳᠡᠭᠡᠭᠰᠢ ᠵᠠᠢ ᠶᠢ ᠪᠠᠲᠤᠯᠠᠵᠤ᠂ ᠲᠤᠬᠠᠢ ᠶᠢᠨ ᠲᠠᠯᠠᠪᠤᠷ ᠤᠨ ᠠᠵᠢᠯᠲᠠᠨ ᠤ ᠵᠢᠯᠣᠭᠤᠳᠤᠯᠭ᠎ᠠ ᠶᠢ ᠤᠬᠠᠮᠰᠠᠷ | ᠠᠴᠠ ᠪᠠᠨ ᠳᠠᠭᠠᠬᠤ ᠬᠡᠷᠡᠭᠲᠡᠢ᠃ ᠦᠯᠢᠭᠡᠷ ᠠᠪᠬᠤ ᠶᠠᠪᠤᠴᠠ ᠳᠤ ᠡᠮᠦᠨᠡᠬᠢ ᠬᠥᠮᠥᠨ ᠶᠠᠪᠤᠭᠰᠠᠨ ᠤ ᠳᠠᠷᠠᠭ᠎ᠠ ᠦᠯᠢᠭᠡᠷ | ᠠᠪᠤᠭᠴᠢ ᠭᠠᠷ ᠢᠶᠠᠨ ᠰᠠᠶᠢᠲᠤᠷ ᠠᠷᠢᠭᠤᠳᠬᠠᠭᠰᠠᠨ ᠤ ᠳᠠᠷᠠᠭ᠎ᠠ ᠰᠠᠶ᠋ᠢ ᠤᠷᠤᠭᠰᠢ ᠪᠠᠨ ᠣᠴᠢᠵᠤ ᠥᠯᠢᠭᠡᠷ | ᠠᠪᠤᠭᠤᠯᠬᠤ ᠬᠡᠷᠡᠭᠲᠡᠢ᠃ ᠡᠭᠦᠨ ᠤ ᠬᠠᠮᠲᠤ᠂ ᠦᠯᠢᠭᠡᠷ ᠠᠪᠬᠤ ᠦᠶ᠎ᠡ ᠳᠤ᠂ ᠦᠯᠢᠭᠡᠷ ᠠᠪᠤᠭᠤᠯᠤᠭᠴᠢ ᠦᠯᠢᠭᠡᠷ | ᠠᠪᠬᠤ ᠲᠠᠪᠴᠠᠩ ᠳᠡᠭᠡᠷᠡᠬᠢ ᠶᠠᠮᠠᠷ ᠴᠤ ᠶᠠᠭᠤᠮ᠎ᠠ ᠶᠢ ᠬᠥᠨᠳᠡᠵᠦ ᠪᠣᠯᠬᠤ ᠦᠭᠡᠢ᠂ ᠦᠯᠢᠭᠡᠷ ᠠᠪᠤᠭᠤᠯᠤᠭᠰᠠᠨ ᠤ | ᠳᠠᠷᠠᠭ᠎ᠠ ᠪᠠᠰᠠ ᠠᠮᠠᠪᠴᠢ ᠪᠠᠨ ᠲᠦᠷᠭᠡᠨ ᠵᠡᠭᠦᠵᠦ᠂ ᠦᠯᠢᠭᠡᠷ ᠠᠪᠬᠤ ᠲᠠᠯᠠᠪᠤᠷ ᠠᠴᠠ ᠲᠦᠷᠭᠡᠨ ᠵᠠᠶᠢᠯᠠᠬᠤ ᠬᠡᠷᠡᠭᠲᠡᠢ᠃ | | ᠬᠤᠳᠠᠯ ᠬᠠᠭᠤᠷᠮᠠᠭ ᠪᠥᠭᠡᠮ ᠬᠦᠴᠢᠯ ᠤᠨ ᠪᠠᠶᠢᠴᠠᠭ᠋ᠯᠲᠡ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠠᠴᠠ | ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ | ᠰᠢᠢᠳᠪᠦᠷᠢᠯᠡᠨ᠎ᠡ | ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠲᠠᠯ᠎ᠠ ᠪᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ᠶᠡᠷᠦ ᠠᠴᠠ ᠪᠠᠶᠢᠴᠠᠭᠠᠨ ᠰᠢᠯᠭᠠᠬᠤ ᠬᠢᠷᠢ ᠬᠡᠮ ᠤᠨ ᠵᠥᠪᠰᠢᠶᠡᠷᠡᠨ ᠣᠷᠣᠭᠤᠯᠬᠤ ᠪᠠ | ᠶᠠᠰᠤ ᠴᠢᠨᠠᠷ ᠤᠨ ᠡᠵᠡᠮᠳᠡᠯ ᠢ ᠴᠢᠩᠳᠠᠯᠠᠵᠤ᠂ ᠮᠡᠷᠭᠡᠵᠢᠯ ᠤᠨ ᠵᠢᠷᠤᠮᠵᠢᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢᠨ | ᠬᠠᠮᠲᠤ᠂ ᠭᠤᠷᠪᠠᠳᠠᠭᠴᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠪᠠᠭᠲᠠᠭᠠᠭᠰᠠᠨ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠭᠰᠠᠭᠠᠷ ᠢᠷᠡᠵᠡᠶ᠃ ᠡᠨᠡ | ᠵᠢᠯ ᠠᠴᠠ ᠨᠠᠭᠠᠰᠢ᠂ ᠪᠡᠭᠡᠵᠢᠩ᠂ ᠠᠨᠾᠦ᠋ᠢ ᠶᠢᠨ ᠾᠧᠹᠧᠢ᠂ ᠾᠧᠪᠧᠢ ᠶᠢᠨ ᠱᠢ ᠵᠢᠶᠠ ᠵᠤᠸᠠᠩ᠂ ᠾᠧᠨᠠᠨ ᠤ ᠰᠢᠦᠢ | ᠴᠠᠩ᠂ ᠥᠪᠥᠷ ᠮᠣᠩᠭᠤᠯ ᠵᠡᠷᠭᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠴᠥᠮ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠢᠨᠠᠨ ᠬᠠᠮᠢᠶᠠᠷᠬᠤ ᠳᠤᠮᠳᠠ ᠪᠠᠨ ᠪᠠᠶᠢᠴᠠᠭᠠᠨ | ᠰᠢᠯᠭᠠᠬᠤ ᠪᠠᠶᠢᠭᠤᠯᠤᠮᠵᠢ ᠳᠤ ᠬᠠᠤᠯᠢ ᠲᠣᠭᠲᠠᠭᠠᠯ ᠢ ᠵᠥᠷᠢᠴᠡᠭᠰᠡᠨ ᠵᠠᠷᠢᠮ ᠠᠰᠠᠭᠤᠳᠠᠯ ᠣᠷᠣᠰᠢᠵᠤ ᠪᠠᠶᠢᠬᠤ ᠶᠢ | ᠣᠯᠵᠤ ᠮᠡᠳᠡᠭᠰᠡᠨ ᠪᠥᠭᠡᠳ ᠴᠥᠮ ᠴᠢᠩᠭ᠎ᠠ ᠰᠢᠢᠳᠬᠡᠯ ᠥᠭᠴᠦ᠂ ᠬᠠᠤᠯᠢ ᠶᠢ ᠵᠥᠷᠢᠴᠡᠭᠰᠡᠨ ᠵᠠᠷᠢᠮ ᠪᠠᠶᠢᠭᠤᠯᠤᠮᠵᠢ | ᠪᠠ ᠬᠤᠪᠢ ᠬᠥᠮᠥᠨ ᠠᠴᠠ ᠪᠠᠰᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯ ᠬᠠᠭᠤᠷᠮᠠᠭ | ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠢ ᠦᠶᠯᠡ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠰᠢᠢᠳᠪᠦᠷᠢᠯᠡᠨ᠎ᠡ᠃ | ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠢ ᠬᠡᠷᠬᠢᠨ ᠬᠠᠮᠢᠶᠠᠷᠬᠤ ᠪᠣᠶ︖ | ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠪᠤᠶᠤ ᠠᠰᠠᠷᠠᠵᠤ ᠰᠤᠪᠢᠯᠠᠭᠴᠢᠳ | ᠭᠡᠷ ᠲᠤ ᠪᠠᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠬᠠᠮᠲᠤ ᠳᠤ ᠨᠢ ᠵᠢᠷᠤᠮᠯᠠᠬᠤ ᠬᠡᠷᠡᠭᠲᠡᠢ᠃ | ᠨᠢᠭᠡ ᠳᠤ᠂ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠠᠳᠠᠭᠰᠢ ᠭᠠᠷᠬᠤ ᠦᠭᠡᠢ ᠪᠠᠶᠢᠬᠤ ᠶᠢ ᠴᠢᠩᠭ᠎ᠠ | ᠪᠠᠷᠢᠮᠲᠠᠯᠠᠨ᠂ ᠠᠯᠢᠪᠠ ᠪᠣᠯᠭᠤᠭᠠᠨ ᠦᠵᠡᠬᠦ ᠶᠢ ᠲᠡᠪᠴᠢᠬᠦ ᠬᠡᠷᠡᠭᠲᠡᠢ︔ ᠡᠪᠡᠳᠴᠢᠨ ᠦᠵᠡᠭᠦᠯᠬᠦ ᠵᠡᠷᠭᠡ ᠠᠴᠠ | ᠪᠣᠯᠣᠭᠠᠳ ᠦᠨᠡᠨ ᠬᠦ ᠭᠠᠳᠠᠭᠰᠢ ᠭᠠᠷᠬᠤ ᠬᠡᠷᠡᠭᠴᠡᠭᠡ ᠲᠠᠢ ᠬᠥᠮᠥᠰ ᠲᠤ᠂ ᠨᠡᠶᠢᠭᠡᠮ ᠲᠣᠭᠤᠷᠢᠭ ᠲᠤ ᠭᠤᠶᠤᠴᠢᠯᠠᠯ | ᠳᠡᠪᠰᠢᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠬᠠᠢ ᠬᠥᠮᠥᠨ ᠲᠤᠰᠬᠠᠢ ᠲᠡᠷᠭᠡ ᠲᠣᠬᠢᠷᠠᠭᠤᠯᠵᠤ᠂ ᠬᠤᠪᠢ | ᠬᠥᠮᠥᠨ ᠤ ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ ᠲᠤ᠂ ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠥᠷᠥᠭᠡᠨ ᠳᠤ ᠠᠯᠢ ᠴᠢᠳᠠᠬᠤ ᠪᠠᠷ ᠣᠷᠣᠵᠤ | ᠪᠣᠯᠬᠤ ᠦᠭᠡᠢ᠂ ᠵᠣᠷᠯᠣᠩ ᠪᠤᠶᠤ ᠠᠮᠢᠳᠤᠷᠠᠯ ᠤᠨ ᠬᠡᠷᠡᠭᠰᠡᠯ ᠢ ᠬᠠᠮᠲᠤ ᠪᠠᠷ ᠬᠡᠷᠡᠭᠯᠡᠬᠦ ᠠᠴᠠ ᠵᠠᠶᠢᠯᠠᠰᠬᠢᠨ᠎ᠡ᠃ ᠬᠡᠷᠪᠡ | ᠶᠠᠮᠠᠷ ᠨᠢᠭᠡᠨ ᠰᠢᠭᠤᠳ ᠬᠦᠷᠦᠯᠴᠡᠬᠦ ᠪᠣᠯᠣᠮᠵᠢ ᠪᠤᠶᠤ ᠪᠣᠬᠢᠷᠳᠤᠯ ᠪᠣᠳᠠᠰ ᠢ ᠰᠢᠢᠳᠪᠦᠷᠢᠯᠡᠬᠦ ᠦᠶ᠎ᠡ ᠳᠤ ᠡᠷᠬᠡᠪᠰᠢ | ᠥᠪᠡᠷ ᠤᠨ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠴᠠᠭ ᠲᠤᠬᠠᠢ ᠳᠤ ᠨᠢ ᠭᠠᠷ ᠢᠶᠠᠨ ᠴᠡᠪᠡᠷᠯᠡᠵᠦ | ᠠᠷᠢᠭᠤᠳᠬᠠᠬᠤ ᠬᠡᠷᠡᠭᠲᠡᠢ᠃ | ᠭᠤᠷᠪᠠ ᠳᠤ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠪᠠ ᠨᠠᠰᠤᠲᠠᠶᠢᠴᠤᠳ ᠮᠡᠲᠦ ᠶᠢᠨ ᠬᠦᠨᠳᠦ | ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠲᠠᠢ ᠬᠥᠮᠥᠰ ᠢᠶᠠᠷ ᠭᠡᠷ ᠲᠤ ᠪᠠᠨ ᠲᠤᠰᠠᠭᠠᠷᠯᠠᠬᠤ ᠬᠥᠮᠥᠰ ᠤᠨ | ᠠᠰᠠᠷᠠᠭᠴᠢ ᠪᠣᠯᠭᠠᠵᠤ ᠪᠣᠯᠬᠤ ᠦᠭᠡᠢ᠃ | ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠥᠰ ᠭᠡᠷ ᠲᠤ ᠪᠠᠨ ᠲᠤᠰᠠᠭᠠᠷᠯᠠᠬᠤ | ᠬᠤᠭᠤᠴᠠᠭᠠᠨ ᠳᠤ ᠠᠷᠭ᠎ᠠ ᠴᠢᠨᠠᠷ ᠢ ᠪᠠᠶᠢᠴᠠᠭᠠᠵᠤ ᠭᠠᠷᠭᠠᠪᠠᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 | ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠦᠨ ᠬᠦᠷᠭᠡᠬᠦ ᠬᠡᠷᠡᠭᠲᠡᠢ | ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢᠨ ᠲᠣᠭᠲᠠᠭᠠᠯ ᠢ ᠦᠨᠳᠦᠰᠦᠯᠡᠪᠡᠯ᠂ ᠥᠨᠳᠥᠷ ᠳᠡᠰ ᠤᠨ | ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠥᠰ ᠲᠤ 7 ᠡᠳᠦᠷ ᠤᠨ ᠭᠡᠷ ᠲᠤ ᠪᠠᠨ ᠲᠤᠰᠠᠭᠠᠷᠯᠠᠬᠤ ᠵᠠᠢ | ᠬᠡᠷᠡᠭᠵᠢᠭᠦᠯᠵᠦ᠂ ᠡᠨᠡ ᠬᠤᠭᠤᠴᠠᠭᠠᠨ ᠳᠤ ᠺᠣᠳ᠋ ᠣᠯᠭᠤᠬᠤ ᠬᠠᠮᠢᠶᠠᠷᠤᠯᠲᠠ ᠶᠢ ᠬᠡᠷᠡᠭᠵᠢᠭᠦᠯᠦᠨ᠂ ᠭᠠᠳᠠᠭᠰᠢ ᠭᠠᠷᠴᠤ | ᠪᠣᠯᠬᠤ ᠦᠭᠡᠢ᠃ ᠭᠡᠷ ᠲᠤ ᠪᠠᠨ ᠲᠤᠰᠠᠭᠠᠷᠯᠠᠭᠰᠠᠨ ᠤ 1᠂ 3᠂ 5᠂ 7 ᠳ᠋ᠤᠭᠠᠷ ᠡᠳᠦᠷ ᠲᠤ ᠲᠣᠰ ᠲᠣᠰ ᠨᠢᠭᠡ | ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠠᠮᠢᠶ᠎ᠠ ᠪᠦᠬᠦᠢ ᠬᠥᠮᠥᠰ ᠨᠢ ᠭᠡᠷ ᠲᠤ ᠪᠠᠨ ᠲᠤᠰᠠᠭᠠᠷᠯᠠᠬᠤ | ᠬᠤᠭᠤᠴᠠᠭᠠᠨ ᠳᠤ ᠭᠡᠷ ᠲᠤ ᠪᠠᠨ ᠲᠤᠰᠠᠭᠠᠷᠯᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ ᠢᠯᠡᠷᠡᠭᠦᠯᠬᠦ ᠳᠤ ᠭᠦᠷᠪᠡᠯ ᠴᠠᠭ | ᠲᠤᠬᠠᠢ ᠳᠤ ᠨᠢ ᠮᠡᠳᠡᠭᠦᠯᠬᠦ ᠶᠢᠨ ᠬᠠᠮᠲᠤ 2 ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠠᠵᠢᠭᠯᠠᠬᠤ ᠪᠠ ᠡᠮᠨᠡᠨ | ᠵᠠᠰᠠᠭᠤᠯᠵᠤ᠂ ᠬᠠᠮᠲᠤ ᠰᠠᠭᠤᠭ᠎ᠠ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠱᠠᠭᠠᠷᠳᠠᠬᠤ ᠶᠢᠨ | ᠬᠠᠮᠲᠤ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠲᠦᠭᠰᠢᠭᠦᠷᠢᠲᠦ ᠬᠥᠮᠥᠰ ᠢ ᠮᠥᠷᠳᠡᠨ | ᠬᠠᠮᠢᠶᠠᠷᠬᠤ ᠬᠡᠷᠡᠭᠲᠡᠢ᠃ | ᠨᠠᠰᠤᠲᠠᠶᠢᠴᠤᠳ ᠵᠡᠷᠭᠡ ᠪᠠᠭᠤᠷᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ | ᠠᠮᠠᠷᠬᠠᠨ ᠡᠪᠡᠳᠴᠢᠨ ᠨᠢ ᠬᠦᠨᠳᠦᠷᠡᠵᠦ᠂ ᠬᠦᠨᠳᠦ ᠲᠦᠭᠰᠢᠭᠦᠷᠢᠲᠡᠢ ᠡᠪᠡᠳᠴᠢᠨ ᠴᠢᠨᠠᠭᠰᠢᠯᠠᠨ ᠦᠬᠦᠵᠦ ᠮᠡᠳᠡᠨ᠎ᠡ᠂ | ᠡᠶᠢᠮᠦ ᠠᠴᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠪᠡᠯ ᠬᠠᠮᠤᠭ ᠤᠨ ᠶᠡᠭᠡ ᠠᠰᠢᠭ ᠬᠦᠷᠲᠡᠵᠦ | ᠪᠣᠯᠣᠨ᠎ᠠ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.394 ᠳ᠋ᠦᠩᠰᠢᠭᠤᠷ ᠬᠥᠮᠥᠨ ᠲᠠᠷᠢᠯᠭ᠎ᠠ ᠳᠠᠷᠢᠵᠤ᠂ 2. | 28165 ᠳ᠋ᠦᠩᠰᠢᠭᠤᠷ ᠬᠥᠮᠥᠨ ᠪᠥᠬᠦ ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ᠂ ᠬᠠᠮᠤᠷᠤᠭᠰᠠᠨ | ᠬᠥᠮᠥᠨ ᠤ ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ ᠲᠣᠰ | ᠨᠠᠰᠤᠲᠠᠶᠢᠴᠤᠳ ᠤᠨ 90.68% ᠪᠠ 86.42% ᠢ ᠡᠵᠡᠯᠡᠨ᠂ 1.81511 ᠳ᠋ᠦᠩᠰᠢᠭᠤᠷ ᠬᠥᠮᠥᠨ | ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ ᠬᠢᠪᠡ᠃ ᠡᠭᠦᠨ ᠳᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ | ᠲᠠᠷᠢᠯᠭ᠎ᠠ ᠬᠢᠭᠰᠡᠨ ᠬᠥᠮᠥᠨ ᠤ ᠲᠤᠭ᠎ᠠ 2742.6 ᠲᠦᠮᠡ ᠪᠠᠶᠢᠵᠤ᠂ 2356.3 ᠲᠦᠮᠡᠨ ᠬᠥᠮᠥᠨ ᠪᠥᠬᠦ | ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ᠂ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ | ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ ᠲᠣᠰ 80 ᠨᠠᠰᠤᠨ ᠠᠴᠠ ᠳᠡᠭᠡᠭᠰᠢᠬᠢ ᠬᠥᠮᠥᠨ ᠠᠮᠠ ᠶᠢᠨ 76.6% | ᠂ 65.8% ᠶᠢ ᠡᠵᠡᠯᠡᠨ᠂ 1445.6 ᠲᠦᠮᠡᠨ ᠬᠥᠮᠥᠨ ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ ᠬᠢᠪᠡ᠃ | ᠨᠠᠰᠤᠲᠠᠶᠢᠴᠤᠳ ᠤᠨ ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠲᠦᠷᠭᠡᠳᠬᠡᠬᠦ ᠶᠢᠨ ᠲᠥᠯᠥᠭᠡ᠂ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ | ᠳᠤᠭᠤᠶᠢᠯᠠᠩ ᠠᠴᠠ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ | ᠴᠢᠩᠭᠠᠳᠬᠠᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠵᠤ᠂ ᠲᠣᠭᠲᠠᠴᠠ ᠶᠢ ᠪᠦᠷᠢᠨᠰᠢᠭᠦᠯᠬᠦ᠂ ᠪᠠᠶᠢᠳᠠᠯ ᠢ | ᠣᠶᠢᠯᠠᠭᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠨᠠᠷᠢᠯᠢᠭᠵᠢᠭᠤᠯᠤᠨ ᠤᠬᠠᠭᠤᠯᠬᠤ ᠵᠡᠷᠭᠡ ᠲᠠᠯ᠎ᠠ ᠪᠠᠷ | ᠪᠠᠶᠢᠷᠢᠯᠠᠭᠤᠯᠤᠨ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠪᠢᠳᠡ ᠲᠥᠰᠥᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠨᠠᠷᠢᠨ ᠨᠢᠮᠪᠠᠢ ᠵᠣᠬᠢᠶᠠᠨ ᠪᠠᠶᠢᠭᠤᠯᠤᠨ | ᠪᠠᠶᠢᠷᠢᠯᠠᠭᠤᠯᠵᠤ᠂ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢ ᠴᠢᠩᠭᠠᠳᠬᠠᠬᠤ ᠪᠠ ᠨᠠᠰᠤᠲᠠᠶᠢᠴᠤᠳ ᠤᠨ ᠲᠠᠷᠢᠯᠭ᠎ᠠ ᠶᠢᠨ ᠠᠵᠢᠯ ᠢ | ᠰᠠᠶᠢᠲᠤᠷ ᠬᠢᠨ᠎ᠡ᠃ ᠪᠠᠰᠠ ᠨᠠᠰᠤᠲᠠᠶᠢᠴᠤᠳ᠂ ᠢᠯᠠᠩᠭᠤᠶ᠎ᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ | ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠸᠠᠺᠼᠢᠨ ᠤ ᠲᠠᠷᠢᠯᠭ᠎ᠠ ᠬᠢᠵᠦ᠂ ᠬᠤᠪᠢ ᠬᠥᠮᠥᠨ ᠤ ᠡᠷᠡᠭᠦᠯ | ᠮᠡᠨᠳᠦ ᠪᠠᠨ ᠬᠠᠮᠠᠭᠠᠯᠠᠬᠤ ᠶᠢ ᠬᠦᠰᠡᠵᠦ ᠪᠠᠶᠢᠨ᠎ᠠ᠃ | ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ ᠵᠡᠷᠭᠡ | ᠭᠤᠣᠯᠳᠠᠯᠭ᠎ᠠ ᠲᠠᠢ ᠬᠥᠮᠥᠰ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠬᠤ ᠬᠡᠷᠡᠭᠲᠡᠢ | ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ᠂ ᠣᠨᠴᠠᠭᠠᠶᠢᠯᠠᠨ ᠬᠠᠪᠤᠳᠠᠷ | ᠡᠪᠡᠳᠴᠢᠨ ᠢ ᠡᠮᠨᠡᠨ ᠵᠠᠰᠠᠬᠤ ᠬᠤᠭᠤᠴᠠᠭᠠᠨ ᠳᠤ ᠪᠠᠶᠢᠭ᠎ᠠ ᠡᠪᠡᠳᠴᠢᠲᠡᠨ ᠪᠣᠯ ᠬᠦᠨᠳᠦ ᠡᠪᠡᠳᠴᠢᠨ ᠳᠤ ᠠᠮᠠᠷᠬᠠᠨ | ᠨᠡᠷᠪᠡᠭᠳᠡᠳᠡᠭ ᠲᠦᠭᠰᠢᠭᠦᠷᠢ ᠶᠡᠬᠡᠲᠡᠢ ᠬᠥᠮᠥᠰ ᠲᠤ ᠲᠣᠭᠠᠴᠠᠭᠳᠠᠨ᠎ᠠ᠂ ᠡᠶᠢᠮᠦ ᠠᠴᠠ ᠡᠮᠨᠡᠨ ᠵᠠᠰᠠᠬᠤ ᠶᠠᠪᠤᠴᠠ ᠳᠤ | ᠣᠨᠴᠠᠭᠠᠶᠢᠯᠠᠨ ᠠᠩᠬᠠᠷᠬᠤ ᠬᠡᠷᠡᠭᠲᠡᠢ᠃ ᠡᠩ ᠲᠡᠷᠢᠭᠦᠨ ᠳᠤ ᠥᠨᠳᠥᠷ ᠨᠠᠰᠤᠲᠠᠢ ᠨᠠᠰᠤᠲᠠᠶᠢᠴᠤᠳ ᠲᠤ ᠠᠪᠴᠤ | ᠬᠡᠯᠡᠪᠡᠯ᠂ ᠪᠢᠳᠡᠨ ᠤ ᠮᠡᠳᠡᠬᠦ ᠪᠠᠷ ᠥᠨᠳᠥᠷ ᠨᠠᠰᠤᠲᠠᠢ ᠨᠠᠰᠤᠲᠠᠶᠢᠴᠤᠳ ᠶᠡᠷᠦ ᠨᠢ ᠰᠠᠭᠤᠷᠢ ᠴᠢᠨᠠᠷᠲᠠᠢ ᠡᠪᠡᠳᠴᠢᠨ ᠳᠤ | ᠨᠡᠷᠪᠡᠭᠳᠡᠵᠦ᠂ ᠵᠠᠷᠢᠮ ᠰᠠᠭᠤᠷᠢ ᠴᠢᠨᠠᠷᠲᠠᠢ ᠡᠪᠡᠳᠴᠢᠨ ᠨᠢ ᠪᠠᠰᠠ ᠨᠡᠯᠢᠶᠡᠳ ᠬᠦᠨᠳᠦ ᠪᠠᠶᠢᠵᠤ᠂ ᠵᠠᠷᠢᠮ ᠨᠠᠰᠤᠲᠠᠨ | ᠣᠯᠠᠨ ᠵᠦᠢᠯ ᠤᠨ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠪᠣᠯᠬᠤᠷ᠂ ᠰᠢᠨ᠎ᠡ ᠲᠢᠲᠢᠮᠯᠢᠭ ᠸᠢᠷᠦ᠋ᠰ ᠲᠤ | ᠨᠡᠷᠪᠡᠭᠳᠡᠪᠡᠯ᠂ ᠨᠢᠭᠡ ᠲᠠᠯ᠎ᠠ ᠪᠠᠷ ᠵᠠᠷᠢᠮ ᠰᠠᠭᠤᠷᠢ ᠴᠢᠨᠠᠷᠲᠠᠢ ᠡᠪᠡᠳᠴᠢᠨ ᠢ ᠨᠢ ᠬᠦᠨᠳᠦᠷᠡᠭᠦᠯᠵᠦ ᠮᠡᠳᠡᠨ᠎ᠡ᠃ | ᠬᠠᠪᠤᠳᠠᠷ ᠡᠪᠡᠳᠴᠢᠨ ᠢ ᠡᠮᠨᠡᠨ ᠵᠠᠰᠠᠬᠤ ᠬᠤᠭᠤᠴᠠᠭᠠᠨ ᠳᠤ ᠪᠠᠶᠢᠭ᠎ᠠ ᠡᠪᠡᠳᠴᠢᠲᠡᠨ ᠳᠤ ᠠᠪᠴᠤ ᠬᠡᠯᠡᠪᠡᠯ᠂ ᠮᠡᠰᠡ | ᠵᠠᠰᠠᠯ ᠪᠤᠶᠤ ᠰᠠᠴᠤᠷᠠᠭ ᠬᠢᠮᠢ ᠶᠢᠨ ᠵᠠᠰᠠᠯ ᠠᠴᠠ ᠪᠣᠯᠵᠤ ᠡᠭᠡᠯᠢᠯᠡᠭᠡ ᠶᠢᠨ ᠴᠢᠳᠠᠪᠤᠷᠢ ᠨᠢ ᠪᠠᠭᠤᠷᠠᠳᠠᠭ᠂ ᠡᠶᠢᠮᠦ ᠠᠴᠠ | ᠮᠥᠨ ᠴᠦ ᠡᠪᠡᠳᠴᠢᠨ ᠨᠢ ᠬᠦᠨᠳᠦᠷᠡᠬᠦ ᠠᠶᠤᠯ ᠲᠠᠢ ᠲᠦᠭᠰᠢᠭᠦᠷᠢᠲᠦ ᠬᠥᠮᠥᠰ ᠪᠣᠯᠣᠨ᠎ᠠ᠃ ᠪᠢᠳᠡᠨ ᠤ ᠮᠡᠳᠡᠭᠡᠵᠢ ᠪᠠᠷ | ᠂ ᠬᠠᠪᠤᠳᠠᠷ ᠡᠪᠡᠳᠴᠢᠨ ᠤ ᠵᠠᠰᠠᠯᠭ᠎ᠠ ᠶᠢᠨ ᠬᠤᠭᠤᠴᠠᠭᠠᠨ ᠳᠠᠬᠢ ᠡᠪᠡᠳᠴᠢᠲᠡᠨ ᠤ ᠬᠠᠪᠤᠳᠠᠷ ᠤᠨ ᠵᠠᠰᠠᠯᠭ᠎ᠠ ᠶᠢ | ᠲᠠᠰᠤᠯᠳᠠᠭᠤᠯᠵᠤ ᠪᠣᠯᠬᠤ ᠦᠭᠡᠢ᠂ ᠡᠨᠡ ᠨᠢ ᠮᠥᠨ ᠴᠦ ᠪᠢᠳᠡᠨ ᠤ ᠪᠠᠷᠢᠮᠲᠠᠯᠠᠭᠰᠠᠭᠠᠷ ᠢᠷᠡᠭᠰᠡᠨ ᠰᠠᠭᠤᠷᠢ ᠴᠢᠨᠠᠷᠲᠠᠢ | ᠡᠪᠡᠳᠴᠢᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠵᠠᠪᠠᠯ ᠬᠠᠮᠲᠤ ᠳᠤ ᠨᠢ ᠵᠠᠰᠠᠬᠤ ᠵᠠᠷᠴᠢᠮ ᠪᠣᠯᠣᠨ᠎ᠠ᠃ | ᠡᠶᠢᠮᠦ ᠠᠴᠠ ᠡᠶᠢᠮᠦᠷᠬᠦᠦ ᠪᠠᠶᠢᠳᠠᠯ ᠳᠣᠣᠷ᠎ᠠ᠂ ᠡᠷᠬᠡᠪᠰᠢ ᠡᠶᠢᠮᠦᠷᠬᠦᠦ ᠬᠠᠯᠳᠠᠪᠤᠷᠢᠯᠠᠭᠰᠠᠳ ᠢ ᠰᠢᠨᠵᠢᠯᠡᠬᠦ | ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠵᠤ᠂ ᠠᠪᠤᠷᠠᠨ ᠵᠠᠰᠠᠬᠤ ᠠᠵᠢᠯ ᠢ ᠲᠣᠬᠢᠲᠠᠢ ᠰᠠᠶᠢᠲᠤᠷ ᠬᠢᠵᠦ᠂ | ᠰᠠᠭᠤᠷᠢ ᠴᠢᠨᠠᠷᠲᠠᠢ ᠡᠪᠡᠳᠴᠢᠨ ᠢ ᠢᠳᠡᠪᠬᠢᠲᠡᠢ ᠡᠮᠨᠡᠨ ᠵᠠᠰᠠᠵᠤ᠂ ᠡᠪᠡᠳᠴᠢᠲᠡᠨ ᠤ ᠡᠷᠡᠭᠦᠯ ᠮᠡᠨᠳᠦ ᠪᠠ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ | ︽ᠬᠥᠮᠥᠨ ᠤ ᠠᠮᠢ ᠨᠠᠰᠤ ᠮᠢᠩᠭᠠᠨ ᠯᠠᠩ ᠠᠯᠲᠠ ᠮᠥᠩᠭᠦᠨ ᠠᠴᠠ ᠴᠤ ᠴᠤᠬᠠᠭ︾ ᠭᠡᠳᠡᠭᠴᠢᠯᠡᠨ᠂ | ᠡᠮᠴᠢᠯᠡᠭᠡᠨ ᠤ ᠠᠪᠤᠷᠠᠨ ᠵᠠᠰᠠᠬᠤ ᠠᠵᠢᠯ ᠤᠨ ᠳᠤᠮᠳᠠ ᠪᠠᠨ ᠪᠢᠳᠡ ︽ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ︾ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠬᠥᠮᠥᠨ ᠢᠶᠠᠷ ᠦᠨᠳᠦᠰᠦ ᠪᠣᠯᠭᠠᠬᠤ | ᠵᠣᠷᠢᠯᠲᠠ ᠶᠢ ᠪᠠᠷᠢᠮᠲᠠᠯᠠᠵᠤ᠂ ᠥᠨᠳᠥᠷ ᠨᠠᠰᠤᠲᠠᠢ ᠨᠠᠰᠤᠲᠠᠶᠢᠴᠤᠳ᠂ ᠡᠪᠡᠳᠴᠢᠨ ᠳᠤ ᠨᠡᠷᠪᠡᠭᠳᠡᠭᠰᠡᠳ ᠵᠡᠷᠭᠡ | ᠭᠤᠣᠯᠳᠠᠯᠭ᠎ᠠ ᠲᠠᠢ ᠬᠥᠮᠥᠰ ᠤᠨ ᠡᠮᠴᠢᠯᠡᠭᠡᠨ ᠤ ᠠᠵᠢᠯ ᠢ ᠵᠣᠬᠢᠰᠲᠠᠢ ᠰᠠᠶᠢᠲᠤᠷ ᠵᠣᠬᠢᠶᠠᠨ ᠪᠠᠶᠢᠭᠤᠯᠵᠤ᠂ | ᠡᠪᠡᠳᠴᠢᠲᠡᠨ ᠢ ᠬᠠᠮᠤᠭ ᠤᠨ ᠰᠠᠶᠢᠨ ᠠᠪᠤᠷᠠᠨ ᠵᠠᠰᠠᠬᠤ ᠪᠠ ᠬᠠᠷᠠᠭᠠᠯᠵᠠᠨ ᠰᠤᠪᠢᠯᠠᠬᠤ ᠶᠢ ᠪᠠᠲᠤᠯᠠᠵᠤ᠂ | ᠡᠪᠡᠳᠴᠢᠲᠡᠨ ᠤ ᠡᠷᠲᠡᠬᠡᠨ ᠡᠷᠡᠭᠦᠯᠵᠢᠬᠦ ᠶᠢ ᠠᠬᠢᠭᠤᠯᠬᠤ ᠬᠡᠷᠡᠭᠲᠡᠢ᠃ |