ᠲᠠᠭ᠎ᠠ ᠶᠢᠨ ᠨᠠᠭᠤᠷ ‍ᠤᠨ‌‍ᠲ᠋ᠤᠬᠠᠢ
ᠨᠡᠶᠢᠲᠡᠯᠡᠭᠰᠡᠨ ᠴᠠᠭ᠄
2022/12/5
    ᠤᠯᠠᠭᠠᠨᠴᠠᠪ ᠬᠤᠳᠠ ᠶᠢᠨ ᠮᠤᠨᠢ ᠠᠭᠤᠯᠠ ᠪᠠᠷ ᠵᠤᠭᠠᠴᠠᠬᠤ ᠳᠤ ᠯᠢᠶᠠᠩᠴᠧᠩ ᠰᠢᠶᠠᠨ ᠤ ᠬᠢᠵᠠᠭᠠᠷ ᠲᠠᠬᠢ ᠲᠠᠭ᠎ᠠ ᠶᠢᠨ ᠨᠠᠭᠤᠷ ᠲᠤ ᠬᠦᠷᠬᠦ ᠦᠭᠡᠢ ᠪᠠᠶᠢᠵᠤ ᠪᠣᠯᠬᠤ ᠦᠭᠡᠢ᠃ ᠡᠨᠡ ᠬᠦ ︽ᠲᠠᠯ᠎ᠠ ᠨᠤᠲᠤᠭ ᠤᠨ ᠲᠢᠶᠠᠨ ‍ᠤᠤᠢ ᠨᠠᠭᠤᠷ︾ ᠬᠡᠮᠡᠭᠳᠡᠭᠰᠡᠨ ᠳᠣᠲᠣᠭᠠᠳᠤ ᠬᠠᠭᠤᠷᠠᠶ ᠶᠢᠨ ᠨᠠᠭᠤᠷ ᠪᠣᠯ ᠥᠪᠥᠷ ᠮᠣᠩᠭᠤᠯ ᠤᠨ ᠭᠤᠷᠪᠠᠳᠤᠭᠠᠷ ᠶᠡᠭᠡ ᠳᠣᠲᠣᠭᠠᠳᠤ ᠬᠠᠭᠤᠷᠠᠶ ᠶᠢᠨ ᠨᠠᠭᠤᠷ ᠪᠠᠶᠢᠵᠤ᠂ ᠣᠲᠣ ᠨᠢᠭᠡᠨᠲᠡ ᠠᠯᠳᠠᠷᠲᠤ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃
        ᠲᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠳᠠᠪᠠᠭᠤᠯᠢᠭ᠂ ᠠᠭᠤᠯᠠ ᠤᠰᠤ ᠬᠢᠯᠠᠯᠵᠠᠵᠤ᠂ ᠤᠢ ᠰᠢᠭᠤᠢ ᠡᠪᠡᠰᠦ ᠮᠣᠳᠣ ᠢᠭᠴᠤ ᠰᠠᠬᠤᠯᠢᠭ ᠪᠠᠶᠢᠵᠤ᠂ ᠵᠢᠶᠠᠩᠨᠠᠨ ᠤ ᠤᠰᠤᠨ ᠨᠤᠲᠤᠭ ᠰᠢᠭ᠋ ᠪᠠᠶᠢᠳᠠᠭ᠃  ᠲᠠᠭ᠎ᠠ ᠶᠢᠨ ᠨᠠᠭᠤᠷ ᠤᠨ ᠤᠰᠤᠨ ᠤ ᠭᠠᠳᠠᠷᠭᠤ ᠨᠢ ᠪᠠᠷᠤᠭ 130 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ︽ᠬᠤᠶᠢᠲᠤᠬᠢ︾᠎ ᠶᠢᠨ ᠬᠡᠯᠪᠡᠷᠢ ᠲᠠᠢ ᠪᠠᠶᠢᠵᠤ᠂ ᠶᠦᠨᠨᠠᠨ ᠤ ᠨᠠᠰᠢ ᠦᠨᠳᠦᠰᠦᠲᠡᠨ ᠤ ᠨᠤᠲᠤᠭ ᠢᠶᠠᠷ ᠦᠨᠡᠯᠡᠭᠳᠡᠵᠡᠶ᠃  ᠲᠠᠭ᠎ᠠ ᠶᠢᠨ ᠨᠠᠭᠤᠷ ᠤᠨ ᠲᠡᠦᠬᠡ ᠶᠢᠨ ᠲᠡᠮᠳᠡᠭᠯᠡᠯ ᠮᠠᠰᠢ ᠲᠣᠳᠣᠷᠬᠠᠶ᠂ ᠬᠠᠨ ᠤᠯᠤᠰ ᠤᠨ ᠦᠶ᠎ᠡ ᠳᠤ ︽ᠣᠯᠠᠨ ᠰᠣᠨᠣᠰᠤᠭᠴᠢ︾ ᠭᠡᠵᠦ᠂ ᠤᠮᠠᠷᠠᠲᠤ ᠸᠧᠶ ᠤᠯᠤᠰ ᠤᠨ ᠦᠶ᠎ᠡ ᠳᠤ ︽ᠬᠤᠯᠤ ᠲᠠᠩᠭᠢᠰ︾ ᠭᠡᠵᠦ᠂ ᠰᠦᠩ ᠤᠯᠤᠰ ᠤᠨ ᠦᠶ᠎ᠡ ᠳᠤ ︽ᠤᠷᠠᠨ ᠬᠠᠵᠢᠨ ᠨᠠᠭᠤᠷ︾ ᠭᠡᠵᠦ᠂ ᠴᠢᠩ ᠤᠯᠤᠰ ᠤᠨ ᠡᠬᠢᠨ ᠤ ᠦᠶ᠎ᠡ ᠳᠤ ︽ ᠲᠠᠭ᠎ᠠ ᠶᠢᠨ ᠨᠠᠭᠤᠷ︾ ᠭᠡᠵᠦ᠂ ᠰᠡᠭᠦᠯᠡᠷ ᠨᠢ  ᠲᠠᠭ᠎ᠠ ᠶᠢᠨ ᠨᠠᠭᠤᠷ ᠭᠡᠵᠦ᠂ ᠣᠳᠣ ᠪᠣᠯᠲᠠᠯ᠎ᠠ ᠬᠡᠷᠡᠭᠯᠡᠭᠰᠡᠭᠡᠷ ᠪᠠᠶᠢᠨ᠎ᠠ᠃    ᠠᠯᠢ ᠡᠷᠲᠡ ᠣᠲᠣ ᠠᠴᠠ 6000 ᠵᠢᠯ ᠤᠨ ᠡᠮᠦᠨᠡᠬᠢ ᠶᠠᠩ ᠱᠣᠣ ᠶᠢᠨ ᠰᠣᠶᠣᠯ ᠤᠨ ᠳᠤᠮᠳᠠ ᠬᠤᠭᠤᠴᠠᠭᠠᠨ ᠳᠤ᠂ ᠠᠳᠡᠬᠢ ᠨᠠᠰᠢ ᠶᠢᠨ ᠡᠪᠦᠭᠡ ᠳᠡᠭᠡᠳᠦᠰ ᠳᠠᠷᠤᠶ ᠲᠦᠢᠯ ᠤᠨ ᠥᠨᠳᠥᠷ ᠪᠣᠯᠪᠠᠰᠤᠨ ᠢ ᠡᠭᠦᠳᠦᠨ ᠪᠦᠲᠦᠭᠡᠵᠦ᠂ ᠣᠲᠣ ᠠᠴᠠ 5000 ᠵᠢᠯ ᠤᠨ ᠡᠮᠦᠨᠡᠬᠢ ᠯᠦᠩ ᠱᠠᠨ ᠤ ᠡᠷᠲᠡ ᠦᠶ᠎ᠡ ᠶᠢᠨ ᠰᠣᠶᠣᠯ ᠤᠨ  ᠪᠠᠷᠰᠤᠳᠤ ᠠᠭᠤᠯᠠ ᠶᠢᠨ ᠴᠢᠯᠠᠭᠤᠨ ᠬᠤᠲᠠ ᠶᠢᠨ ᠪᠠᠭᠤᠷᠢ ᠪᠠ ᠶᠤᠸᠠᠨ ᠽᠢ ᠭᠸᠤ ᠨᠦᠬᠡᠨ ᠬᠡᠷ ᠤᠨ ᠪᠠᠭᠤᠷᠢ ᠶᠢ ᠦᠯᠡᠳᠡᠭᠡᠭᠰᠡᠨ ᠪᠠᠶᠢᠨ᠎ᠠ᠃ ᠡᠭᠦᠨ ᠤ ᠳᠣᠲᠣᠷ᠎ᠠ  ᠪᠠᠷᠰᠤᠳᠤ ᠠᠭᠤᠯᠠ ᠶᠢᠨ ᠴᠢᠯᠠᠭᠤᠨ ᠬᠤᠲᠠ ᠶᠢᠨ ᠪᠠᠭᠤᠷᠢ ᠠᠴᠠ ᠣᠯᠳᠠᠭᠰᠠᠨ ᠭᠤᠷᠪᠠᠨ ᠬᠥᠯᠲᠦ ᠰᠠᠪᠠ ᠰᠠᠭᠠᠯᠢ ᠨᠢ ᠬᠠᠭᠤᠴᠢ ᠰᠤᠳᠤᠯᠤᠯ ᠤᠨ ᠡᠲᠡᠭᠡᠳ ᠲᠤ ᠰᠢᠶᠠ ᠱᠠᠩ ᠤᠯᠤᠰ ᠤᠨ ᠦᠶ᠎ᠡ ᠳᠤ ᠬᠤᠨᠳᠠᠭ᠎ᠠ ᠲᠠᠢ ᠪᠠᠶᠢᠭᠰᠠᠨ ᠠᠴᠠ ᠪᠠᠨ ᠤᠯᠠᠷᠢᠵᠤ ᠬᠤᠪᠢᠷᠬᠠᠰᠠᠨ ᠬᠥᠭᠵᠢᠯᠲᠡ ᠶᠢᠨ ᠰᠢᠰᠲ᠋ᠧᠮ ᠢ ᠡᠷᠢᠨ ᠣᠯᠵᠤ᠂ ᠬᠠᠭᠤᠴᠢ ᠰᠤᠳᠤᠯᠤᠯ ᠤᠨ ᠡᠲᠡᠭᠡᠳ ᠲᠤ  ᠲᠠᠭ᠎ᠠ ᠶᠢᠨ ᠨᠠᠭᠤᠷ ᠤᠨ ᠲᠠᠩᠭᠢᠰ ᠠᠴᠠ ᠡᠮᠦᠨᠡᠰᠢ ᠦᠷᠭᠦᠯᠵᠢᠯᠡᠭᠰᠡᠨ  ᠮᠠᠩᠬᠠᠨ ᠠᠭᠤᠯᠠ ᠶᠢ ᠡᠷᠢᠵᠦ ᠣᠯᠤᠭᠰᠠᠨ ᠪᠠᠶᠢᠨ᠎ᠠ᠃ ᠠᠭᠤᠯᠠᠨ ᠳᠡᠭᠡᠷ᠎ᠡ 38000 ᠮᠥ ᠪᠠᠯᠠᠷ ᠡᠷᠲᠡᠨ ᠤ ᠳᠡᠳ᠋ ᠣᠶ ᠤᠷᠭᠤᠵᠤ᠂ 1000 ᠭᠠᠷᠤᠶ ᠵᠦᠢᠯ ᠤᠨ ᠤᠷᠭᠤᠮᠠᠯ᠂ 400 ᠭᠠᠷᠤᠶ ᠵᠦᠢᠯ ᠤᠨ ᠬᠡᠭᠡᠷ᠎ᠡ ᠶᠢᠨ ᠠᠮᠢᠲᠠᠨ ᠲᠠᠢ᠂ ᠤᠯᠤᠰ ᠤᠨ ᠳᠡᠰ ᠤᠨ ᠣᠶ ᠰᠢᠭᠤᠶ ᠶᠢᠨ ᠴᠡᠴᠡᠷᠯᠢᠭ᠂ ᠬᠤᠶᠢᠲᠤ ᠲᠠᠯ᠎ᠠ ᠶᠢᠨ ᠠᠭᠤᠯᠠᠨ ᠣᠷᠭᠢᠯ ᠤᠨ ᠳᠣᠣᠷᠠᠬᠢ ᠹᠦᠤᠤ ᠶᠧ ᠶᠢᠨ ᠠᠭᠤᠶ᠂ ᠶᠢᠨ ᠱᠦᠶ ᠯᠢᠩ ᠳᠠᠪᠠᠭ᠎ᠠ᠂ ᠸᠠᠨ ᠨᠢᠶᠠᠨ ᠤ ᠮᠥᠰᠥᠨ ᠤᠭᠤᠷᠬᠠᠶ ᠵᠡᠷᠭᠡ ᠨᠢ ᠣᠨᠴᠠᠭᠠᠶ ᠰᠠᠶᠢᠬᠠᠨ ᠦᠵᠡᠮᠵᠢ ᠲᠠᠢ ᠪᠠᠶᠢᠳᠠᠭ᠃    ᠡᠷᠲᠡᠨ ᠠᠴᠠ ᠡᠳᠦᠭᠡ ᠪᠣᠯᠲᠠᠯ᠎ᠠ᠂  ᠲᠠᠭ᠎ᠠ ᠶᠢᠨ ᠨᠠᠭᠤᠷ ᠤᠨ ᠬᠢᠨ ᠲᠤᠭ᠎ᠠ ᠲᠣᠮᠰᠢ ᠦᠭᠡᠢ ᠤᠯᠠᠨ ᠵᠤᠭᠠᠴᠠᠭᠰᠠᠳ ᠪᠣᠯᠤᠨ ᠦᠶ᠎ᠡ ᠦᠶ᠎ᠡ ᠶᠢᠨ ᠡᠷᠬᠢᠮ ᠬᠦᠨᠳᠦᠲᠦ ᠬᠥᠮᠦᠰ᠂ ᠪᠢᠴᠢᠭ ᠤᠨ ᠬᠥᠮᠦᠰ ᠬᠦᠷᠦᠯᠴᠡᠨ ᠢᠷᠡᠵᠦ ᠲᠡᠳᠡᠨ ᠤ ᠪᠠᠶᠢᠭᠠᠯᠢ ᠶᠢᠨ ᠭᠤᠶᠤ ᠦᠵᠡᠮᠵᠢ ᠶᠢ ᠰᠣᠨᠢᠷᠬᠠᠭᠤᠯᠵᠤ ᠪᠠᠶᠢᠯ᠎ᠠ᠃ ᠴᠢᠩ ᠤᠯᠤᠰ ᠤᠨ ᠡᠩᠬᠡ ᠠᠮᠤᠭᠤᠯᠠᠩ ᠬᠠᠭᠠᠨ ᠣᠯᠠᠨ ᠤᠳᠠᠭ᠎ᠠ ᠬᠢᠯᠢ ᠶᠢ ᠲᠣᠭᠤᠷᠢᠨ ᠴᠠᠭᠳᠠᠵᠤ ᠳᠠᠶᠢᠬᠠᠶ ᠳᠤ ᠢᠷᠡᠵᠦ᠂ ᠡᠨᠡ ᠬᠦ ᠦᠵᠡᠮᠵᠢᠲᠦ ᠰᠠᠶᠢᠬᠠᠨ ᠭᠠᠵᠠᠷ ᠢ ᠦᠵᠡᠵᠦ ᠲᠣᠭᠤᠭᠠᠳ᠂ ᠠᠳᠡ ᠣᠷᠳᠣᠨ ᠪᠠᠶᠢᠭᠤᠯᠤᠨ᠂ ︽ᠯᠢᠶᠠᠩᠴᠧᠩ︾ ᠭᠡᠰᠡᠨ ᠨᠡᠷ᠎ᠡ ᠥᠭᠭᠦᠭᠰᠡᠨ ᠪᠥᠭᠡᠳ  ᠲᠠᠭ᠎ᠠ ᠶᠢᠨ ᠨᠠᠭᠤᠷ ᠲᠤ ︽ᠲᠢᠶᠠᠨ ‍ᠤᠤᠢ︾ ᠭᠡᠰᠡᠨ ᠨᠡᠷ᠎ᠡ ᠥᠭᠴᠡᠶ᠃    2009 ᠣᠨ ᠳᠤ᠂  ᠲᠠᠭ᠎ᠠ ᠶᠢᠨ ᠨᠠᠭᠤᠷ ᠤᠨ ᠵᠤᠭᠠᠴᠠᠯ ᠤᠨ ᠦᠵᠡᠮᠵᠢ ᠶᠢᠨ ᠣᠷᠣᠨ ᠨᠢ ᠤᠯᠤᠰ ᠤᠨ 4A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠦᠵᠡᠮᠵᠢ ᠶᠢᠨ ᠣᠷᠣᠨ ᠨᠢ  ᠲᠠᠭ᠎ᠠ ᠶᠢᠨ ᠨᠠᠭᠤᠷ ᠵᠢᠴᠢ ᠡᠷᠬᠢᠨ ᠲᠣᠭᠤᠷᠢᠨ ᠤ ᠭᠤᠣᠯ ᠤᠨ ᠰᠠᠶᠢᠷᠭᠠᠯ᠂ ᠨᠤᠭᠤ ᠭᠠᠵᠠᠷ᠂ ᠲᠠᠯ᠎ᠠ ᠨᠤᠲᠤᠭ᠂ ᠠᠭᠤᠯᠠᠨ ᠰᠢᠭᠤᠶᠢᠲᠤ ᠭᠠᠵᠠᠷ᠂ ᠬᠠᠯᠠᠭᠤᠨ ᠷᠠᠰᠢᠶᠠᠨ᠂ ᠴᠡᠴᠡᠭ ᠤᠨ ᠲᠠᠩᠭᠢᠰ᠂ ᠡᠷᠲᠡᠨ ᠤ ᠬᠥᠮᠦᠨ ᠲᠥᠷᠥᠯᠬᠢᠲᠡᠨ ᠤ ᠰᠣᠶᠣᠯ ᠤᠨ ᠪᠠᠭᠤᠷᠢ ᠵᠡᠷᠭᠡ ᠦᠵᠡᠮᠵᠢ ᠶᠢᠨ ᠣᠷᠣᠨ ᠢᠶᠠᠷ ᠪᠦᠷᠢᠯᠳᠦᠵᠦ᠂ ᠵᠢᠯ ᠤᠨ ᠬᠦᠯᠢᠶᠡᠨ ᠠᠪᠬᠤ ᠬᠥᠮᠦᠨ ᠤ ᠲᠤᠭ᠎ᠠ 15 ᠲᠦᠮᠡ ᠶᠢ ᠳᠠᠪᠠᠵᠠᠢ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2