ᠯᠢᠶᠠᠩᠴᠧᠩ ᠰᠢᠶᠠᠨ ᠤ ᠶᠢᠨ ᠰᠢᠩ ᠲᠣᠰᠬᠤᠨ᠄ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠰᠠᠶᠢᠲᠤᠷ ᠪᠠᠶᠢᠭᠤᠯᠵᠤ ᠦᠨᠳᠦᠰᠦᠨ ᠱᠠᠲᠤᠨ ᠤ ᠬᠤᠪᠢᠰᠬᠠᠯ ‍ᠤᠨ‌‍ᠰᠠᠭᠤᠷᠢᠨ ᠭᠠᠵᠠᠷ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2022/12/5
   ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠤ  ᠮᠠᠶᠢᠬᠠᠨᠳᠤ ᠪᠠᠯᠭᠠᠰᠤ ᠶᠢᠨ ᠶᠢᠨ ᠰᠢᠩ ᠲᠣᠰᠬᠤᠨ ᠤ ᠨᠠᠮ ᠤᠨ ᠡᠭᠦᠷ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠢᠯᠡᠴᠢᠯᠡᠬᠦ ᠳᠤ ᠵᠢᠳᠬᠦᠯ ᠴᠢᠷᠮᠠᠶᠢᠯᠭ᠎ᠠ ᠲᠠᠢ ᠪᠠᠶᠢᠬᠤ︾ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ ᠨᠠᠮ ᠤᠯᠠᠨ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠠᠮ ᠤᠨ ᠠᠵᠢᠯ ᠢ ᠪᠦᠬᠦᠨ ᠢ ᠪᠦᠷᠬᠦᠬᠦᠯᠵᠦ᠂ ᠤᠯᠠᠨ ᠲᠦᠮᠡᠨ ᠳᠤ ᠦᠢᠯᠡᠴᠢᠯᠡᠬᠦ ᠳᠤ ᠥᠴᠦᠬᠡᠨ ᠴᠦ  ᠵᠦᠷᠢᠶ᠎ᠡ ᠦᠬᠡᠢ ᠪᠠᠶᠢᠬᠤ ᠶᠢ ᠪᠡᠶᠡᠯᠡᠭᠦᠯᠪᠡ᠃
       ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠰᠢᠨ᠎ᠡ ᠰᠠᠭᠤᠷᠢᠨ ᠭᠠᠵᠠᠷ ᠢ ᠪᠠᠲᠤ ᠪᠠᠬᠢ ᠪᠠᠶᠢᠭᠤᠯᠤᠨ᠎ᠠ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠪᠰᠤᠷᠤᠯᠭ᠎ᠠ ᠳᠣᠣᠷ᠎ᠠ᠂ ᠲᠣᠰᠬᠤᠨ ᠤ ᠨᠠᠮ ᠤᠨ ᠡᠭᠦᠷ ᠨᠢ ᠨᠠᠮ ᠤᠨ ᠭᠡᠰᠢᠭᠦᠨ ᠪᠣᠯᠤᠨ ᠣᠯᠠᠨ ᠲᠦᠮᠡᠨ ᠳᠤ ᠦᠢᠯᠡᠴᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠡᠬᠢᠯᠡᠯᠲᠡ ᠪᠣᠯᠭᠠᠵᠤ᠂ ᠤᠤᠯ ᠤᠨ ᠪᠠᠶᠢᠭᠰᠠᠨ ᠵᠢᠭᠰᠠᠭᠠᠯ ᠤᠨ ᠭᠠᠵᠠᠷ ᠲᠠᠭᠠᠨ ᠲᠦᠰᠢᠭᠯᠡᠨ᠂ ᠪᠦᠬᠦ ᠲᠠᠯ᠎ᠠ ᠪᠠᠷ ᠵᠢᠷᠤᠵᠤ ᠲᠥᠯᠥᠪᠯᠡᠬᠦ᠂ ᠡᠮᠬᠢᠯᠡᠨ ᠨᠡᠶᠢᠯᠡᠭᠦᠯᠬᠦ ᠪᠠ ᠥᠭᠡᠷᠡᠴᠢᠯᠡᠵᠦ᠂ 600 ᠭᠠᠷᠤᠶ ᠲᠡᠭᠰᠢ ᠳᠥᠷᠪᠡᠯᠵᠢᠨ ᠮᠧᠲᠷ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠭᠠᠨ ᠪᠠᠶᠢᠭᠤᠯᠵᠤ᠂ ᠤᠬᠠᠭᠤᠯᠭ᠎ᠠ ᠬᠥᠮᠦᠵᠢᠯ᠂ ︽ᠭᠤᠷᠪᠠᠨ ᠶᠠᠪᠤᠳᠠᠯ ᠢ ᠢᠯᠡ ᠪᠣᠯᠭᠠᠬᠤ︾ ᠵᠡᠷᠭᠡ ᠴᠢᠳᠠᠮᠵᠢᠳᠤ ᠣᠷᠣᠨ ᠪᠦᠰᠡ ᠪᠠ ᠬᠠᠪᠰᠤᠷᠤᠨ ᠬᠢᠵᠦ ᠣᠷᠣᠯᠠᠨ ᠭᠦᠢᠴᠡᠳᠬᠡᠬᠦ᠂ ᠶᠡᠷᠦᠩᠬᠡᠶᠢᠯᠡᠨ ᠭᠦᠢᠴᠡᠳᠬᠡᠬᠦ ᠵᠡᠷᠭᠡ ᠦᠢᠯᠡᠴᠢᠯᠡᠭᠡᠨ ᠤ ᠴᠣᠩᠬᠤ ᠶᠢ ᠬᠤᠪᠢᠶᠠᠷᠢᠯᠠᠵᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠴᠢᠶᠠᠯᠠᠪᠤᠷᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠭᠤᠣᠯ ᠵᠢᠭᠰᠠᠭᠠᠯ ᠤᠨ ᠭᠠᠵᠠᠷ ᠢ ᠪᠠᠲᠤ ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠪᠠ᠃      ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠤᠨ᠎ᠠ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠯᠠᠭᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠢᠨ ᠰᠢᠩ ᠲᠣᠰᠬᠤᠨ ᠤ ᠨᠠᠮ ᠤᠨ ᠡᠭᠦᠷ ᠤᠨ ᠬᠢᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠭᠦᠸᠧ ᠬᠤ᠋ ᠬᠤ ᠨᠥᠬᠦᠷ ᠢᠶᠠᠷ ᠦᠯᠢᠭᠡᠷ ᠳᠠᠭᠤᠷᠢᠶᠠᠯ ᠪᠣᠯᠭᠠᠵᠤ᠂ ︽ᠪᠤᠯᠬᠢ ᠳᠠᠳᠬᠠᠯ ᠢ ᠠᠷᠢᠯᠭᠠᠬᠤ᠂ ᠪᠣᠯᠪᠠᠰᠤᠨ ᠢ ᠡᠷᠬᠢᠮᠯᠡᠬᠦ᠂ ᠠᠵᠢᠯᠴᠢ ᠬᠥᠳᠡᠯᠮᠦᠷᠢᠴᠢ ᠶᠢ ᠡᠷᠬᠢᠮᠯᠡᠬᠦ᠂ ᠠᠷᠪᠢᠯᠠᠨ ᠭᠠᠮᠨᠠᠬᠤ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ︾ ᠪᠠᠷ ᠪᠠᠷᠢᠮᠵᠢᠶ᠎ᠠ ᠪᠣᠯᠭᠠᠵᠤ᠂ ᠡᠬᠢ ᠪᠠᠶᠠᠯᠢᠭ ᠤᠨ ᠨᠡᠶᠢᠯᠡᠯᠲᠡ ᠶᠢᠨ ᠬᠦᠴᠦᠨ ᠢ ᠨᠡᠶᠢᠳᠬᠡᠵᠦ᠂ ︽ᠭᠦᠸᠧ ᠬᠤ᠋ ᠬᠤ᠋︾ ᠶᠢᠨ ᠬᠤᠪᠢᠰᠬᠠᠯᠲᠤ ᠰᠣᠶᠣᠯ ᠪᠣᠯᠤᠨ ᠲᠠᠷᠢᠶᠠᠯᠠᠬᠤ ᠵᠣᠷᠢᠭ ᠰᠠᠨᠠᠭᠠᠨ ᠤ ᠬᠥᠮᠦᠵᠢᠯ ᠤᠨ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠭᠤᠣᠯᠳᠠᠭᠤ ᠭᠦᠸᠧ ᠬᠤ᠋ ᠬᠤ᠋ ᠶᠢᠨ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠵᠢᠴᠢ ᠱᠠᠩᠨᠠᠯ ᠤᠨ ᠵᠦᠢᠯ ᠵᠢᠴᠢ ᠲᠤᠬᠠᠢ ᠶᠢᠨ ᠦᠶ᠎ᠡ ᠶᠢᠨ ᠡᠯ᠎ᠡ ᠲᠦᠷᠦᠯ ᠤᠨ ᠬᠠᠮᠢᠶ᠎ᠠ ᠪᠦᠬᠦᠢ ᠰᠣᠨᠢᠨ ᠮᠡᠳᠡᠭᠡᠨ ᠤ ᠮᠡᠳᠡᠭᠡᠯᠡᠯ ᠤᠨ  ᠮᠠᠲ᠋ᠧᠷᠢᠶᠠᠯ ᠵᠡᠷᠭᠡ ᠶᠢ ᠳᠡᠯᠭᠡᠨ ᠦᠵᠡᠭᠦᠯᠵᠡᠢ᠃ ᠭᠦᠸᠧ ᠬᠤ᠋ ᠬᠤ᠋ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠲᠣᠰᠬᠤᠨ ᠤ ᠨᠠᠮ ᠤᠯᠠᠨ ᠲᠦᠮᠡᠨ ᠳᠤ ᠦᠢᠯᠡᠴᠢᠯᠡᠬᠦ ᠡᠳᠦᠷ ᠲᠤᠳᠤᠮ ᠤᠨ ᠬᠠᠮᠢᠶᠠᠷᠤᠯᠲᠠ ᠶᠢᠨ ᠠᠵᠢᠯ ᠲᠠᠢ ᠨᠢᠭᠲᠠ ᠤᠶᠠᠯᠳᠤᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠬᠤ ᠪᠠᠷ ᠳᠠᠮᠵᠢᠭᠤᠯᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠬᠥᠳᠡᠯᠭᠡᠬᠦ ᠬᠦᠴᠦᠨ ᠳᠤ ᠰᠢᠩᠭᠡᠭᠡᠵᠦ᠂ ᠤᠯᠠᠨ ᠲᠦᠮᠡᠨ ᠤ ᠲᠥᠯᠥᠭᠡ  ᠲᠡᠮᠡᠴᠡᠨ᠎ᠡ᠃    ᠨᠠᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠨᠠᠮ ᠪᠠ ᠤᠯᠠᠨ ᠲᠦᠮᠡᠨ ᠤ ᠰᠡᠳᠬᠢᠯ ᠵᠢᠷᠦᠬᠡ ᠶᠢ ᠬᠤᠯᠪᠣᠬᠤ ᠬᠥᠭᠦᠷᠭᠡ ᠶᠢ ᠴᠣᠭᠴᠠᠯᠠᠨ᠎ᠠ᠃ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ︽ᠬᠥᠭᠵᠢᠯᠲᠡ ᠪᠠᠷ ᠰᠢᠨ᠎ᠡ ᠥᠨᠳᠥᠷ ᠲᠤ ᠠᠪᠠᠷᠢᠬᠤ᠂ ᠪᠦᠲᠦᠭᠡᠨ ᠪᠠᠶᠢᠭᠤᠯᠤᠯᠲᠠ ᠪᠠᠷ ᠰᠢᠨ᠎ᠡ ᠳᠦᠷᠰᠦ ᠪᠠᠶᠢᠳᠠᠯ ᠢ ᠳᠡᠯᠭᠡᠨ ᠦᠵᠡᠭᠦᠯᠬᠦ᠂ ᠣᠷᠴᠢᠨ ᠲᠣᠭᠤᠷᠢᠨ ᠢᠶᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ᠂ ᠦᠢᠯᠡᠴᠢᠯᠡᠭᠡᠨ ᠢᠶᠠᠷ ᠰᠢᠨ᠎ᠡ ᠶᠢ ᠡᠭᠦᠳᠬᠦ ᠳᠤ ᠰᠢᠯᠢᠳᠡᠭ ᠪᠠᠶᠢᠬᠤ︾ ᠠᠵᠢᠯ ᠤᠨ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠡᠭᠦᠷ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠰᠡᠳᠬᠢᠴᠡ ᠶᠢᠨ ᠯᠠᠪᠯᠠᠯᠲᠠ ᠶᠢᠨ ᠲᠠᠰᠤᠭ ᠵᠡᠷᠭᠡ ᠠᠷᠠᠳ ᠤᠨ ᠲᠥᠯᠥᠭᠡ ᠠᠵᠢᠯᠯᠠᠬᠤ 10 ᠠᠵᠢᠯ ᠤᠨ ᠪᠠᠶᠢᠷᠢ ᠭᠠᠷᠭᠠᠬᠤ ᠶᠢ ᠶᠡᠭᠡ ᠪᠠᠷ ᠲᠦᠯᠬᠢᠨ ᠠᠬᠢᠭᠤᠯᠵᠤ᠂ ᠡᠭᠦᠳᠡ ᠪᠠᠨ ᠨᠡᠭᠡᠭᠡᠵᠦ ᠠᠵᠢᠯᠯᠠᠬᠤ᠂ ᠴᠣᠩᠬᠤ ᠪᠠᠷ ᠢᠶᠠᠨ ᠠᠵᠢᠯᠯᠠᠬᠤ ᠶᠢ ᠪᠠᠷᠢᠮᠲᠠᠯᠠᠨ᠂ ︽ᠪᠢ ᠤᠯᠠᠨ ᠲᠦᠮᠡᠨ ᠳᠤ ᠪᠣᠳᠠᠲᠠᠶ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠵᠠᠰᠠᠭ ᠤᠨ ᠣᠷᠳᠣᠨ ᠤ ︽12345︾ ᠬᠠᠯᠠᠭᠤᠨ ᠤᠲᠠᠰᠤᠨ ᠤ ᠦᠢᠯᠡᠳᠦᠯ ᠢ ᠪᠠᠳᠠᠷᠠᠭᠤᠯᠵᠤ᠂ ᠣᠷᠴᠢᠨ ᠠᠬᠤᠶ ᠶᠢ ᠴᠡᠭᠴᠡᠯᠡᠨ ᠵᠠᠰᠠᠬᠤ᠂ ᠵᠠᠮ ᠣᠷᠴᠢᠨ ᠠᠬᠤᠶ ᠶᠢᠨ ᠠᠷᠢᠭᠤᠨ ᠴᠡᠪᠡᠷ ᠵᠡᠷᠭᠡ ᠢᠨᠵᠧᠨᠧᠷᠢᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃                                   ᠨᠠᠶᠢᠷᠠᠭᠤᠯᠤᠭᠴᠢ᠄   ᠶᠠᠩ  ᠿᠦᠢ ᠵᠧᠨ                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2