ᠰᠢᠶᠠᠨ ᠤ ᠪᠠᠶᠢᠭᠠᠯᠢ ᠶᠢᠨ ᠡᠬᠢ ᠪᠠᠶᠠᠯᠢᠭ ‍ᠤᠨ‌‍ᠲ᠋ᠤᠪᠴᠢᠶ᠎ᠠ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ  ᠲᠤᠤᠱᠯᠠᠭᠤᠯᠤᠨ᠎ᠠ
ᠨᠡᠶᠢᠲᠡᠯᠡᠭᠰᠡᠨ ᠴᠠᠭ᠄
2022/12/5
   ᠣᠶᠢᠷ᠎ᠠ ᠳᠤ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ︽ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠨ᠂ ᠪᠠᠶᠢᠭᠠᠯᠢ ᠶᠢ ᠬᠠᠮᠠᠭᠠᠯᠠᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ︾ ᠭᠡᠵᠦ ᠨᠠᠷᠢᠨ ᠬᠢᠨᠠᠮᠠᠭᠠᠶ ᠵᠢᠷᠤᠮᠯᠠᠬᠤ ᠬᠡᠷᠡᠭᠲᠡᠶ ᠭᠡᠵᠦ ᠱᠠᠭᠠᠷᠳᠠᠪᠠ᠃ ᠡᠷᠬᠡᠪᠰᠢ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠣᠯᠭᠠᠨ ᠦᠢᠯᠡᠳᠦᠯᠭᠡᠵᠢᠭᠦᠯᠵᠦ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠳᠡᠭᠡᠳᠦ ᠬᠡᠮᠵᠢᠶᠡᠨ ᠠᠴᠠ ᠬᠥᠭᠵᠢᠯᠲᠡ ᠶᠢ ᠰᠦᠪᠡᠭᠴᠢᠯᠡᠬᠦ ᠬᠡᠷᠡᠭᠲᠡᠶ︾ ᠭᠡᠵᠡᠶ ᠃ ︽ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠠᠷᠪᠠᠨ ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ ᠪᠠᠲᠤᠯᠠᠬᠤ ᠬᠡᠷᠡᠭᠲᠡᠢ︾ ᠵᠡᠷᠭᠡ ᠠᠭᠤᠯᠭ᠎ᠠ ᠶᠢ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠠᠢ ᠬᠠᠷᠢᠴᠠᠭᠤᠯᠵᠤ ᠪᠠᠶᠢᠭᠠᠳ ᠤᠯᠠᠮ ᠨᠢᠭᠡ ᠠᠯᠬᠤᠮ ᠰᠤᠷᠤᠯᠴᠠᠨ ᠲᠤᠤᠱᠯᠠᠭᠤᠯᠬᠤ ᠰᠢᠨ᠎ᠡ ᠬᠠᠷᠠᠯᠲᠠ᠂ ᠰᠢᠨ᠎ᠡ ᠱᠠᠭᠠᠷᠳᠠᠯᠭ᠎ᠠ ᠪᠠ ᠰᠢᠨ᠎ᠡ ᠡᠭᠦᠷᠭᠡ ᠶᠢ ᠳᠤᠷᠠᠳᠤᠨ ᠭᠠᠷᠭᠠᠵᠠᠶ᠃
       ᠬᠤᠶᠢᠰᠢᠳᠠ ᠶᠢᠨ ᠠᠵᠢᠯ ᠤᠨ ᠳᠤᠮᠳᠠ᠂ ᠪᠦᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠠᠶᠢᠭᠠᠯᠢ ᠶᠢᠨ ᠡᠬᠢ ᠪᠠᠶᠠᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠪᠠᠷᠢᠮᠲᠠᠯᠠᠵᠤ᠂ ᠭᠤᠣᠯ ᠠᠵᠢᠯ ᠳᠠᠭᠠᠨ ᠰᠠᠭᠤᠷᠢᠯᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠷᠣᠨ ᠵᠠᠢ ᠶᠢᠨ ᠪᠦᠲᠦᠴᠡ ᠪᠣᠯᠤᠨ ᠭᠠᠵᠠᠷ ᠬᠡᠷᠡᠭᠯᠡᠬᠦ ᠪᠠᠶᠢᠷᠢᠰᠢᠭᠤᠯᠤᠯᠲᠠ ᠶᠢ ᠴᠢᠨᠠᠭᠰᠢᠳᠠ ᠲᠡᠭᠦᠯᠳᠡᠷᠵᠢᠭᠦᠯᠵᠦ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠲᠦᠷᠭᠡᠳᠬᠡᠨ ᠠᠬᠢᠭᠤᠯᠵᠤ᠂ ︽ᠰᠢᠳᠦ ᠤᠷᠳᠤ︾ ᠬᠠᠲᠠᠭᠤ ᠠᠷᠭ᠎ᠠ  ᠬᠡᠮᠵᠢᠶ᠎ᠡ ᠪᠠᠷ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠠᠵᠢᠯᠯᠠᠬᠤ ᠠᠷᠭ᠎ᠠ ᠪᠠᠨ ᠲᠠᠰᠤᠷᠠᠯᠲᠠ ᠥᠬᠡᠶ ᠰᠢᠨᠡᠴᠢᠯᠡᠵᠦ᠂ ᠴᠢᠬᠤᠯᠠ ᠬᠦᠴᠦᠨ ᠵᠦᠶ᠋ᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠭᠦᠨᠵᠡᠭᠡᠶ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂  ᠤᠶᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠭᠦᠨᠵᠡᠭᠡᠶ ᠰᠤᠷᠤᠯᠴᠠᠨ ᠭᠦᠨᠵᠡᠭᠡᠶ ᠣᠶᠢᠯᠠᠭᠠᠬᠤ ᠲᠤᠬᠠᠶ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠤᠣᠯ ᠳᠤᠭᠤᠶᠢᠯᠠᠩ ᠤᠨ ᠰᠤᠳᠤᠯᠤᠨ ᠶᠠᠷᠢᠯᠴᠠᠬᠤ ᠰᠤᠷᠤᠯᠴᠠᠯᠭ᠎ᠠ᠂ ᠨᠠᠮ ᠤᠨ ᠡᠭᠦᠷ ᠤᠨ ᠰᠤᠷᠤᠯᠴᠠᠯᠭ᠎ᠠ᠂ ᠲᠤᠰᠬᠠᠶ ᠰᠡᠳᠦᠪᠲᠦ ᠲᠠᠶᠢᠯᠤᠮᠵᠢ ᠵᠡᠷᠭᠡ ᠬᠡᠯᠪᠡᠷᠢ ᠪᠠᠷ ᠳᠠᠮᠵᠢᠭᠤᠯᠤᠨ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠷᠭ᠎ᠠ ᠵᠠᠮ ᠢ ᠠᠰᠢᠭᠯᠠᠵᠤ᠂ ᠰᠤᠷᠤᠯᠴᠠᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠡᠶᠢᠳᠡᠮ ᠥᠷᠨᠢᠭᠦᠯᠵᠦ᠂ ᠣᠨᠴᠠᠭᠠᠶᠢᠯᠠᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠠᠢ ᠬᠤᠯᠪᠣᠭᠳᠠᠬᠤ ᠵᠣᠷᠢᠭ ᠰᠠᠨᠠᠭ᠎ᠠ ᠶᠢ ᠲᠠᠶᠢᠯᠪᠤᠷᠢᠯᠠᠨ ᠲᠠᠶᠢᠯᠪᠤᠷᠢᠯᠠᠵᠤ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ︽ᠭᠤᠷᠪᠠᠨ ᠡᠷᠬᠡᠪᠰᠢ︾ ᠶᠢ ᠦᠢᠯᠡᠳᠦᠯᠭᠡᠵᠢᠭᠦᠯᠵᠦ᠂ ︽ᠭᠤᠷᠪᠠ ᠶᠢ ᠪᠠᠲᠤ ᠴᠡᠭᠡᠵᠢᠯᠡᠬᠦ︾ ᠶᠢ ᠪᠡᠶᠡᠯᠡᠭᠦᠯᠵᠦ᠂ ᠦᠨᠡᠨᠴᠢ ᠰᠢᠳᠤᠷᠭᠤ᠂ ᠪᠣᠳᠠᠲᠠᠢ ᠶᠢ ᠡᠷᠬᠢᠮᠯᠡᠬᠦ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ ᠠᠵᠢᠯ ᠤᠨ ᠰᠤᠷᠲᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠶᠢᠭᠠᠯᠢ ᠶᠢᠨ ᠡᠬᠢ ᠪᠠᠶᠠᠯᠢᠭ ᠤᠨ  ᠲᠤᠪᠴᠢᠶ᠎ᠠ ᠳᠤ ᠨᠠᠶᠢᠳᠠᠪᠤᠷᠢᠵᠢᠭᠤᠯᠬᠤ ᠳᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2