ᠤᠯᠠᠭᠠᠨᠴᠠᠪ ᠬᠤᠳᠠ ᠶᠢᠨ ᠮᠤᠨᠢ ᠠᠭᠤᠯᠠ ᠪᠠᠷ ᠵᠤᠭᠠᠴᠠᠬᠤ ᠳᠤ ᠯᠢᠶᠠᠩᠴᠧᠩ ᠰᠢᠶᠠᠨ ᠤ ᠬᠢᠵᠠᠭᠠᠷ ᠲᠠᠬᠢ | ᠲᠠᠭ᠎ᠠ ᠶᠢᠨ ᠨᠠᠭᠤᠷ ᠲᠤ ᠬᠦᠷᠬᠦ ᠦᠭᠡᠢ ᠪᠠᠶᠢᠵᠤ ᠪᠣᠯᠬᠤ ᠦᠭᠡᠢ᠃ ᠡᠨᠡ ᠬᠦ ︽ᠲᠠᠯ᠎ᠠ ᠨᠤᠲᠤᠭ ᠤᠨ ᠲᠢᠶᠠᠨ ᠤᠤᠢ | ᠨᠠᠭᠤᠷ︾ ᠬᠡᠮᠡᠭᠳᠡᠭᠰᠡᠨ ᠳᠣᠲᠣᠭᠠᠳᠤ ᠬᠠᠭᠤᠷᠠᠶ ᠶᠢᠨ ᠨᠠᠭᠤᠷ ᠪᠣᠯ ᠥᠪᠥᠷ ᠮᠣᠩᠭᠤᠯ ᠤᠨ ᠭᠤᠷᠪᠠᠳᠤᠭᠠᠷ ᠶᠡᠭᠡ | ᠳᠣᠲᠣᠭᠠᠳᠤ ᠬᠠᠭᠤᠷᠠᠶ ᠶᠢᠨ ᠨᠠᠭᠤᠷ ᠪᠠᠶᠢᠵᠤ᠂ ᠣᠲᠣ ᠨᠢᠭᠡᠨᠲᠡ ᠠᠯᠳᠠᠷᠲᠤ ᠵᠢᠭᠤᠯᠴᠢᠯᠠᠯ ᠤᠨ ᠦᠵᠡᠮᠵᠢ ᠶᠢᠨ ᠣᠷᠣᠨ | ᠪᠣᠯᠤᠭᠰᠠᠨ ᠪᠠᠶᠢᠨ᠎ᠠ᠃ | | | | | | | | ᠲᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠳᠠᠪᠠᠭᠤᠯᠢᠭ᠂ | ᠠᠭᠤᠯᠠ ᠤᠰᠤ ᠬᠢᠯᠠᠯᠵᠠᠵᠤ᠂ ᠤᠢ ᠰᠢᠭᠤᠢ ᠡᠪᠡᠰᠦ ᠮᠣᠳᠣ ᠢᠭᠴᠤ ᠰᠠᠬᠤᠯᠢᠭ ᠪᠠᠶᠢᠵᠤ᠂ ᠵᠢᠶᠠᠩᠨᠠᠨ ᠤ ᠤᠰᠤᠨ | ᠨᠤᠲᠤᠭ ᠰᠢᠭ᠋ ᠪᠠᠶᠢᠳᠠᠭ᠃ ᠲᠠᠭ᠎ᠠ ᠶᠢᠨ ᠨᠠᠭᠤᠷ ᠤᠨ ᠤᠰᠤᠨ ᠤ ᠭᠠᠳᠠᠷᠭᠤ ᠨᠢ ᠪᠠᠷᠤᠭ 130 ᠲᠡᠭᠰᠢ ᠳᠥᠷᠪᠡᠯᠵᠢᠨ | ᠺᠢᠯᠣᠮᠧᠲᠷ ᠪᠠᠶᠢᠵᠤ᠂ ︽ᠬᠤᠶᠢᠲᠤᠬᠢ︾ ᠶᠢᠨ ᠬᠡᠯᠪᠡᠷᠢ ᠲᠠᠢ ᠪᠠᠶᠢᠵᠤ᠂ ᠶᠦᠨᠨᠠᠨ ᠤ ᠨᠠᠰᠢ ᠦᠨᠳᠦᠰᠦᠲᠡᠨ ᠤ | ᠨᠤᠲᠤᠭ ᠢᠶᠠᠷ ᠦᠨᠡᠯᠡᠭᠳᠡᠵᠡᠶ᠃ ᠲᠠᠭ᠎ᠠ ᠶᠢᠨ ᠨᠠᠭᠤᠷ ᠤᠨ ᠲᠡᠦᠬᠡ ᠶᠢᠨ ᠲᠡᠮᠳᠡᠭᠯᠡᠯ ᠮᠠᠰᠢ ᠲᠣᠳᠣᠷᠬᠠᠶ᠂ ᠬᠠᠨ | ᠤᠯᠤᠰ ᠤᠨ ᠦᠶ᠎ᠡ ᠳᠤ ︽ᠣᠯᠠᠨ ᠰᠣᠨᠣᠰᠤᠭᠴᠢ︾ ᠭᠡᠵᠦ᠂ ᠤᠮᠠᠷᠠᠲᠤ ᠸᠧᠶ ᠤᠯᠤᠰ ᠤᠨ ᠦᠶ᠎ᠡ ᠳᠤ ︽ᠬᠤᠯᠤ | ᠲᠠᠩᠭᠢᠰ︾ ᠭᠡᠵᠦ᠂ ᠰᠦᠩ ᠤᠯᠤᠰ ᠤᠨ ᠦᠶ᠎ᠡ ᠳᠤ ︽ᠤᠷᠠᠨ ᠬᠠᠵᠢᠨ ᠨᠠᠭᠤᠷ︾ ᠭᠡᠵᠦ᠂ ᠴᠢᠩ ᠤᠯᠤᠰ ᠤᠨ | ᠡᠬᠢᠨ ᠤ ᠦᠶ᠎ᠡ ᠳᠤ ︽ ᠲᠠᠭ᠎ᠠ ᠶᠢᠨ ᠨᠠᠭᠤᠷ︾ ᠭᠡᠵᠦ᠂ ᠰᠡᠭᠦᠯᠡᠷ ᠨᠢ ᠲᠠᠭ᠎ᠠ ᠶᠢᠨ ᠨᠠᠭᠤᠷ ᠭᠡᠵᠦ᠂ ᠣᠳᠣ | ᠪᠣᠯᠲᠠᠯ᠎ᠠ ᠬᠡᠷᠡᠭᠯᠡᠭᠰᠡᠭᠡᠷ ᠪᠠᠶᠢᠨ᠎ᠠ᠃ | ᠠᠯᠢ ᠡᠷᠲᠡ ᠣᠲᠣ ᠠᠴᠠ 6000 ᠵᠢᠯ ᠤᠨ ᠡᠮᠦᠨᠡᠬᠢ ᠶᠠᠩ ᠱᠣᠣ ᠶᠢᠨ ᠰᠣᠶᠣᠯ ᠤᠨ ᠳᠤᠮᠳᠠ | ᠬᠤᠭᠤᠴᠠᠭᠠᠨ ᠳᠤ᠂ ᠠᠳᠡᠬᠢ ᠨᠠᠰᠢ ᠶᠢᠨ ᠡᠪᠦᠭᠡ ᠳᠡᠭᠡᠳᠦᠰ ᠳᠠᠷᠤᠶ ᠲᠦᠢᠯ ᠤᠨ ᠥᠨᠳᠥᠷ ᠪᠣᠯᠪᠠᠰᠤᠨ ᠢ ᠡᠭᠦᠳᠦᠨ | ᠪᠦᠲᠦᠭᠡᠵᠦ᠂ ᠣᠲᠣ ᠠᠴᠠ 5000 ᠵᠢᠯ ᠤᠨ ᠡᠮᠦᠨᠡᠬᠢ ᠯᠦᠩ ᠱᠠᠨ ᠤ ᠡᠷᠲᠡ ᠦᠶ᠎ᠡ ᠶᠢᠨ ᠰᠣᠶᠣᠯ ᠤᠨ ᠪᠠᠷᠰᠤᠳᠤ | ᠠᠭᠤᠯᠠ ᠶᠢᠨ ᠴᠢᠯᠠᠭᠤᠨ ᠬᠤᠲᠠ ᠶᠢᠨ ᠪᠠᠭᠤᠷᠢ ᠪᠠ ᠶᠤᠸᠠᠨ ᠽᠢ ᠭᠸᠤ ᠨᠦᠬᠡᠨ ᠬᠡᠷ ᠤᠨ ᠪᠠᠭᠤᠷᠢ ᠶᠢ ᠦᠯᠡᠳᠡᠭᠡᠭᠰᠡᠨ | ᠪᠠᠶᠢᠨ᠎ᠠ᠃ ᠡᠭᠦᠨ ᠤ ᠳᠣᠲᠣᠷ᠎ᠠ ᠪᠠᠷᠰᠤᠳᠤ ᠠᠭᠤᠯᠠ ᠶᠢᠨ ᠴᠢᠯᠠᠭᠤᠨ ᠬᠤᠲᠠ ᠶᠢᠨ ᠪᠠᠭᠤᠷᠢ ᠠᠴᠠ ᠣᠯᠳᠠᠭᠰᠠᠨ | ᠭᠤᠷᠪᠠᠨ ᠬᠥᠯᠲᠦ ᠰᠠᠪᠠ ᠰᠠᠭᠠᠯᠢ ᠨᠢ ᠬᠠᠭᠤᠴᠢ ᠰᠤᠳᠤᠯᠤᠯ ᠤᠨ ᠡᠲᠡᠭᠡᠳ ᠲᠤ ᠰᠢᠶᠠ ᠱᠠᠩ ᠤᠯᠤᠰ ᠤᠨ ᠦᠶ᠎ᠡ ᠳᠤ | ᠬᠤᠨᠳᠠᠭ᠎ᠠ ᠲᠠᠢ ᠪᠠᠶᠢᠭᠰᠠᠨ ᠠᠴᠠ ᠪᠠᠨ ᠤᠯᠠᠷᠢᠵᠤ ᠬᠤᠪᠢᠷᠬᠠᠰᠠᠨ ᠬᠥᠭᠵᠢᠯᠲᠡ ᠶᠢᠨ ᠰᠢᠰᠲ᠋ᠧᠮ ᠢ ᠡᠷᠢᠨ ᠣᠯᠵᠤ᠂ | ᠬᠠᠭᠤᠴᠢ ᠰᠤᠳᠤᠯᠤᠯ ᠤᠨ ᠡᠲᠡᠭᠡᠳ ᠲᠤ ᠲᠠᠭ᠎ᠠ ᠶᠢᠨ ᠨᠠᠭᠤᠷ ᠤᠨ ᠲᠠᠩᠭᠢᠰ ᠠᠴᠠ ᠡᠮᠦᠨᠡᠰᠢ ᠦᠷᠭᠦᠯᠵᠢᠯᠡᠭᠰᠡᠨ | ᠮᠠᠩᠬᠠᠨ ᠠᠭᠤᠯᠠ ᠶᠢ ᠡᠷᠢᠵᠦ ᠣᠯᠤᠭᠰᠠᠨ ᠪᠠᠶᠢᠨ᠎ᠠ᠃ ᠠᠭᠤᠯᠠᠨ ᠳᠡᠭᠡᠷ᠎ᠡ 38000 ᠮᠥ ᠪᠠᠯᠠᠷ ᠡᠷᠲᠡᠨ ᠤ ᠳᠡᠳ᠋ | ᠣᠶ ᠤᠷᠭᠤᠵᠤ᠂ 1000 ᠭᠠᠷᠤᠶ ᠵᠦᠢᠯ ᠤᠨ ᠤᠷᠭᠤᠮᠠᠯ᠂ 400 ᠭᠠᠷᠤᠶ ᠵᠦᠢᠯ ᠤᠨ ᠬᠡᠭᠡᠷ᠎ᠡ ᠶᠢᠨ ᠠᠮᠢᠲᠠᠨ ᠲᠠᠢ᠂ | ᠤᠯᠤᠰ ᠤᠨ ᠳᠡᠰ ᠤᠨ ᠣᠶ ᠰᠢᠭᠤᠶ ᠶᠢᠨ ᠴᠡᠴᠡᠷᠯᠢᠭ᠂ ᠬᠤᠶᠢᠲᠤ ᠲᠠᠯ᠎ᠠ ᠶᠢᠨ ᠠᠭᠤᠯᠠᠨ ᠣᠷᠭᠢᠯ ᠤᠨ ᠳᠣᠣᠷᠠᠬᠢ | ᠹᠦᠤᠤ ᠶᠧ ᠶᠢᠨ ᠠᠭᠤᠶ᠂ ᠶᠢᠨ ᠱᠦᠶ ᠯᠢᠩ ᠳᠠᠪᠠᠭ᠎ᠠ᠂ ᠸᠠᠨ ᠨᠢᠶᠠᠨ ᠤ ᠮᠥᠰᠥᠨ ᠤᠭᠤᠷᠬᠠᠶ ᠵᠡᠷᠭᠡ ᠨᠢ ᠣᠨᠴᠠᠭᠠᠶ | ᠰᠠᠶᠢᠬᠠᠨ ᠦᠵᠡᠮᠵᠢ ᠲᠠᠢ ᠪᠠᠶᠢᠳᠠᠭ᠃ | ᠡᠷᠲᠡᠨ ᠠᠴᠠ ᠡᠳᠦᠭᠡ ᠪᠣᠯᠲᠠᠯ᠎ᠠ᠂ ᠲᠠᠭ᠎ᠠ ᠶᠢᠨ ᠨᠠᠭᠤᠷ ᠤᠨ ᠬᠢᠨ ᠲᠤᠭ᠎ᠠ ᠲᠣᠮᠰᠢ ᠦᠭᠡᠢ ᠤᠯᠠᠨ | ᠵᠤᠭᠠᠴᠠᠭᠰᠠᠳ ᠪᠣᠯᠤᠨ ᠦᠶ᠎ᠡ ᠦᠶ᠎ᠡ ᠶᠢᠨ ᠡᠷᠬᠢᠮ ᠬᠦᠨᠳᠦᠲᠦ ᠬᠥᠮᠦᠰ᠂ ᠪᠢᠴᠢᠭ ᠤᠨ ᠬᠥᠮᠦᠰ ᠬᠦᠷᠦᠯᠴᠡᠨ ᠢᠷᠡᠵᠦ | ᠲᠡᠳᠡᠨ ᠤ ᠪᠠᠶᠢᠭᠠᠯᠢ ᠶᠢᠨ ᠭᠤᠶᠤ ᠦᠵᠡᠮᠵᠢ ᠶᠢ ᠰᠣᠨᠢᠷᠬᠠᠭᠤᠯᠵᠤ ᠪᠠᠶᠢᠯ᠎ᠠ᠃ ᠴᠢᠩ ᠤᠯᠤᠰ ᠤᠨ ᠡᠩᠬᠡ ᠠᠮᠤᠭᠤᠯᠠᠩ | ᠬᠠᠭᠠᠨ ᠣᠯᠠᠨ ᠤᠳᠠᠭ᠎ᠠ ᠬᠢᠯᠢ ᠶᠢ ᠲᠣᠭᠤᠷᠢᠨ ᠴᠠᠭᠳᠠᠵᠤ ᠳᠠᠶᠢᠬᠠᠶ ᠳᠤ ᠢᠷᠡᠵᠦ᠂ ᠡᠨᠡ ᠬᠦ ᠦᠵᠡᠮᠵᠢᠲᠦ ᠰᠠᠶᠢᠬᠠᠨ | ᠭᠠᠵᠠᠷ ᠢ ᠦᠵᠡᠵᠦ ᠲᠣᠭᠤᠭᠠᠳ᠂ ᠠᠳᠡ ᠣᠷᠳᠣᠨ ᠪᠠᠶᠢᠭᠤᠯᠤᠨ᠂ ︽ᠯᠢᠶᠠᠩᠴᠧᠩ︾ ᠭᠡᠰᠡᠨ ᠨᠡᠷ᠎ᠡ ᠥᠭᠭᠦᠭᠰᠡᠨ | ᠪᠥᠭᠡᠳ ᠲᠠᠭ᠎ᠠ ᠶᠢᠨ ᠨᠠᠭᠤᠷ ᠲᠤ ︽ᠲᠢᠶᠠᠨ ᠤᠤᠢ︾ ᠭᠡᠰᠡᠨ ᠨᠡᠷ᠎ᠡ ᠥᠭᠴᠡᠶ᠃ | 2009 ᠣᠨ ᠳᠤ᠂ ᠲᠠᠭ᠎ᠠ ᠶᠢᠨ ᠨᠠᠭᠤᠷ ᠤᠨ ᠵᠤᠭᠠᠴᠠᠯ ᠤᠨ ᠦᠵᠡᠮᠵᠢ ᠶᠢᠨ ᠣᠷᠣᠨ ᠨᠢ ᠤᠯᠤᠰ ᠤᠨ 4A | ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠦᠵᠡᠮᠵᠢ ᠶᠢᠨ ᠣᠷᠣᠨ ᠨᠢ ᠲᠠᠭ᠎ᠠ ᠶᠢᠨ | ᠨᠠᠭᠤᠷ ᠵᠢᠴᠢ ᠡᠷᠬᠢᠨ ᠲᠣᠭᠤᠷᠢᠨ ᠤ ᠭᠤᠣᠯ ᠤᠨ ᠰᠠᠶᠢᠷᠭᠠᠯ᠂ ᠨᠤᠭᠤ ᠭᠠᠵᠠᠷ᠂ ᠲᠠᠯ᠎ᠠ ᠨᠤᠲᠤᠭ᠂ ᠠᠭᠤᠯᠠᠨ | ᠰᠢᠭᠤᠶᠢᠲᠤ ᠭᠠᠵᠠᠷ᠂ ᠬᠠᠯᠠᠭᠤᠨ ᠷᠠᠰᠢᠶᠠᠨ᠂ ᠴᠡᠴᠡᠭ ᠤᠨ ᠲᠠᠩᠭᠢᠰ᠂ ᠡᠷᠲᠡᠨ ᠤ ᠬᠥᠮᠦᠨ ᠲᠥᠷᠥᠯᠬᠢᠲᠡᠨ ᠤ | ᠰᠣᠶᠣᠯ ᠤᠨ ᠪᠠᠭᠤᠷᠢ ᠵᠡᠷᠭᠡ ᠦᠵᠡᠮᠵᠢ ᠶᠢᠨ ᠣᠷᠣᠨ ᠢᠶᠠᠷ ᠪᠦᠷᠢᠯᠳᠦᠵᠦ᠂ ᠵᠢᠯ ᠤᠨ ᠬᠦᠯᠢᠶᠡᠨ ᠠᠪᠬᠤ ᠬᠥᠮᠦᠨ ᠤ | ᠲᠤᠭ᠎ᠠ 15 ᠲᠦᠮᠡ ᠶᠢ ᠳᠠᠪᠠᠵᠠᠢ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |