ᠮᠠᠶᠢᠬᠠᠨᠳᠤ ᠪᠠᠯᠭᠠᠰᠤ ᠲᠠᠷᠢᠮᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠪᠠ
ᠨᠡᠶᠢᠲᠡᠯᠡᠭᠰᠡᠨ ᠴᠠᠭ᠄
2022/2/13
     ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠮᠠᠶᠢᠬᠠᠨᠳᠤ ᠪᠠᠯᠭᠠᠰᠤᠨ ᠤ ᠣᠯᠠᠩᠬᠢ ᠲᠣᠭᠠᠨ ᠤ ᠲᠣᠰᠬᠤᠨ ᠤ ᠠᠷᠠᠳ ᠮᠥᠨ ᠯᠡ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠂ ᠭᠡᠲᠡᠯ᠎ᠡ ᠴᠠᠷᠭᠠᠰᠤ ᠶᠢᠨ ᠲᠣᠰᠬᠤᠨ ᠤ ᠯᠦ ᠹᠦ᠋ ᠹᠦ᠋ ᠭᠦᠵᠡᠯᠵᠡᠭᠡᠨ᠎ᠡ ᠶᠢᠨ ᠬᠦᠯᠡᠮᠵᠢ ᠳᠤ ᠬᠠᠷᠢᠨ ᠶᠠᠭᠠᠷᠠᠯᠳᠤᠵᠤ ᠪᠠᠶᠢᠯ᠎ᠠ᠃ ᠠᠵᠢᠯᠲᠠᠳ ᠳᠠᠯᠠᠩ ᠤᠨ ᠬᠤᠭᠤᠷᠣᠨᠳᠣᠬᠢ ᠨᠠᠪᠴᠢ ᠨᠢ ᠨᠣᠭᠤᠭᠠᠨ᠂ ᠴᠡᠴᠡᠭ ᠨᠢ ᠴᠠᠭᠠᠨ᠂ ᠵᠢᠮᠢᠰ ᠨᠢ ᠣᠯᠠᠨ ᠵᠢᠮᠢᠰᠲᠦ ᠭᠦᠵᠡᠯᠵᠡᠭᠡᠨ᠎ᠡ ᠶᠢᠨ ᠴᠢᠬᠢ ᠶᠢᠨ ᠳᠤᠮᠳᠠ ᠣᠴᠦ᠋ᠢᠨ ᠰᠠᠭᠤᠵᠤ᠂ ᠨᠠᠷᠢᠨ ᠨᠢᠮᠪᠠᠢ ᠬᠤᠸᠠᠷ ᠰᠠᠮᠨᠠᠵᠤ ᠵᠢᠮᠢᠰ ᠢ ᠪᠤᠶᠢᠵᠢᠭᠤᠯᠤᠨ᠎ᠠ᠃ ᠪᠣᠯᠪᠠᠰᠤᠷᠠᠭᠰᠠᠨ ᠭᠦᠵᠡᠯᠵᠡᠭᠡᠨ᠎ᠡ ᠶᠢᠨ ᠮᠥᠬᠦᠯᠢᠭ ᠳᠦᠭᠦᠷᠡᠩ᠂ ᠪᠠᠳᠮᠠᠷᠠᠭ᠎ᠠ ᠰᠢᠭ᠋ ᠬᠠᠷ᠎ᠠ ᠬᠥᠷᠥᠰᠥᠨ ᠳᠤ ᠤᠨᠠᠵᠤ᠂ ᠨᠣᠭᠤᠭᠠᠨ ᠡᠰᠢᠨ ᠳᠡᠭᠡᠷᠡᠬᠢ ᠨᠣᠮᠢᠨ ᠬᠠᠰ ᠤᠨ ᠤᠨᠵᠢᠯᠭ᠎ᠠ ᠮᠡᠲᠦ ᠢᠳᠡᠷᠡᠭᠦᠨ ᠢᠶᠠᠷ ᠦᠰᠦᠨ ᠪᠤᠶᠢᠵᠢᠭᠰᠠᠨ ᠵᠢᠮᠢᠰ ᠲᠠᠢ ᠰᠣᠯᠪᠢᠴᠠᠵᠤ᠂ ᠰᠤᠳᠠᠯ ᠤᠨ ᠬᠢᠨᠢ ᠠᠩᠬᠢᠯᠤᠮ᠎ᠠ ᠰᠠᠶᠢᠬᠠᠨ ᠦᠨᠦᠷ ᠬᠠᠩᠬᠤᠯᠤᠨ᠎ᠠ ᠃ ᠨᠢᠮᠭᠡᠨ ᠵᠤᠵᠠᠭᠠᠨ ᠬᠠᠯᠢᠰᠤ ᠲᠠᠢ ᠣᠷᠭᠠᠨᠢᠭ ᠨᠣᠭᠤᠭᠠᠨ ᠭᠦᠵᠡᠯᠵᠡᠭᠡᠨ᠎ᠡ ᠵᠢᠨᠢᠩ᠂ ᠳ᠋ᠠᠲ᠋ᠦ᠋ᠩ᠂ ᠬᠥᠬᠡᠬᠤᠲᠠ ᠵᠡᠷᠭᠡ ᠡᠷᠭᠢᠨ ᠲᠣᠭᠤᠷᠢᠨ ᠤ ᠬᠡᠷᠡᠭᠯᠡᠭᠴᠢᠳ ᠤᠨ ᠬᠦᠷᠢᠶᠡᠯᠡᠯ ᠢ ᠣᠯᠵᠤ᠂ ᠤᠷᠢᠳᠴᠢᠯᠠᠨ ᠪᠣᠯᠵᠣᠵᠤ ᠲᠡᠭᠦᠬᠦ ᠪᠠ ᠪᠠᠷᠠᠭ᠎ᠠ ᠭᠠᠷᠭᠠᠵᠤ ᠠᠪᠬᠤ ᠤᠲᠠᠰᠤ ᠲᠠᠰᠤᠷᠠᠭ᠎ᠠ ᠦᠭᠡᠶ ᠴᠤᠪᠤᠷᠠᠵᠤ ᠪᠠᠶᠢᠨ᠎ᠠ᠃  ᠬᠦᠯᠡᠮᠵᠢ ᠳᠤ ᠢᠷᠡᠭᠰᠡᠨ ᠯᠦ ᠹᠦ᠋ ᠹᠦ᠋ ᠪᠠᠶᠠᠷᠲᠠᠢ ᠪᠠᠷ ᠬᠡᠯᠡᠬᠦ ᠳᠡᠭᠡᠨ᠂ ᠮᠠᠨ ᠤ ᠭᠡᠷ ᠲᠤ 6 ᠳᠤᠯᠠᠭᠠᠨ ᠰᠠᠷᠠᠪᠴᠢ᠂ 2 ᠭᠦᠵᠡᠯᠵᠡᠭᠡᠨ᠎ᠡ ᠶᠢᠨ ᠰᠠᠷᠠᠪᠴᠢ᠂ 4 ᠡᠯᠭᠦᠮᠡᠯ ᠬᠡᠮᠬᠡ ᠪᠣᠯᠤᠨ ᠠᠮᠲᠠᠲᠤ ᠬᠡᠮᠬᠡ ᠶᠢᠨ ᠰᠠᠷᠠᠪᠴᠢ ᠶᠢ ᠲᠠᠷᠢᠵᠠᠢ ᠭᠡᠪᠡ᠃ ᠡᠨᠡ ᠵᠢᠯ ᠭᠦᠵᠡᠯᠵᠡᠭᠡᠨ᠎ᠡ ᠶᠢᠨ ᠵᠠᠬ᠎ᠠ ᠳᠡᠯᠭᠡᠭᠦᠷ ᠲᠤ ᠡᠷᠲᠡ ᠭᠠᠷᠴᠤ᠂ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠠᠴᠠ ᠡᠬᠢᠯᠡᠨ ᠡᠳᠦᠷ ᠪᠣᠯᠭᠠᠨ ᠢᠷᠡᠵᠦ ᠲᠡᠭᠦᠳᠡᠭ ᠵᠤᠭᠠᠴᠠᠭᠰᠠᠳ ᠢ ᠵᠣᠴᠢᠨ ᠬᠤᠳᠠᠯᠳᠤᠭᠠᠴᠢᠨ ᠲᠠᠰᠤᠯᠳᠠᠭᠤᠯᠵᠤ ᠥᠩᠭᠡᠷᠡᠭᠰᠡᠨ ᠥᠬᠡᠶ᠃ ᠤᠴᠢᠷ ᠨᠢ ᠮᠠᠨ ᠤ ᠲᠠᠷᠢᠭᠰᠠᠨ ᠭᠦᠵᠡᠯᠵᠡᠭᠡᠨ᠎ᠡ ᠪᠣᠯ ᠨᠣᠭᠤᠭᠠᠨ ᠪᠥᠭᠡᠳ ᠣᠷᠭᠠᠨᠢᠭ᠂ ᠨᠡᠶᠢᠲᠡ ᠶᠢᠨ ᠬᠥᠨᠥᠭᠡᠯ ᠦᠭᠡᠶ᠂ ᠡᠷᠭᠢᠨ ᠲᠣᠭᠤᠷᠢᠨ ᠤ ᠭᠠᠵᠠᠷ ᠣᠷᠣᠨ ᠤ ᠬᠥᠮᠦᠰ ᠪᠦᠷ ᠮᠡᠳᠡᠷᠡᠨ᠎ᠡ᠃ ᠭᠦᠵᠡᠯᠵᠡᠭᠡᠨ᠎ᠡ ᠶᠢᠨ ᠨᠢᠭᠡ ᠫᠧᠩ ᠤᠨ ᠴᠡᠪᠡᠷ ᠣᠷᠣᠯᠭ᠎ᠠ ᠪᠠᠷᠤᠭ ᠭᠤᠷᠪᠠ᠂ ᠲᠦᠷᠪᠡᠨ ᠲᠦᠮᠡ ᠣᠷᠴᠢᠮ ᠳᠤ ᠬᠦᠷᠬᠦ ᠪᠣᠯᠤᠨ᠎ᠠ᠂ ᠡᠳᠡᠭᠡᠷ ᠵᠢᠯ ᠤᠳ ᠲᠤ ᠬᠦᠯᠡᠮᠵᠢ ᠲᠠᠷᠢᠬᠤ ᠪᠠᠷ ᠳᠠᠮᠵᠢᠭᠠᠳ ᠮᠠᠨ ᠤ ᠭᠡᠷ ᠤᠨ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠤ᠂ ᠣᠷᠣᠯᠭ᠎ᠠ ᠵᠢᠯ ᠠᠴᠠ ᠵᠢᠯ ᠨᠡᠮᠡᠭᠳᠡᠵᠦ ᠪᠠᠶᠢᠨ᠎ᠠ ᠭᠡᠪᠡ᠃
         ᠯᠦ ᠹᠦ᠋ ᠹᠦ᠋ ᠬᠦᠯᠡᠮᠵᠢ ᠪᠠᠨ ᠳᠠᠷᠢᠭᠠᠳ ᠪᠠᠶᠠᠵᠢᠭᠰᠠᠨ ᠪᠥᠭᠡᠳ ᠡᠷᠬᠢᠨ ᠲᠣᠭᠤᠷᠢᠨ ᠤ ᠠᠬ᠎ᠠ ᠳᠡᠭᠦᠦ ᠨᠡᠷ ᠢᠶᠠᠨ ᠳᠠᠭᠠᠭᠤᠯᠤᠨ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠵᠡᠢ᠃ ᠬᠦᠯᠡᠮᠵᠢ ᠳᠤ ᠠᠵᠢᠯᠯᠠᠵᠤ ᠪᠠᠶᠢᠭ᠎ᠠ 58 ᠨᠠᠰᠤᠲᠠᠢ ᠦ᠋ ᠲᠤᠤ ᠲᠤᠤ ᠬᠡᠯᠡᠬᠦ ᠳᠡᠭᠡᠨ᠄ ᠪᠢ ᠦᠷᠭᠦᠯᠵᠢ ᠬᠦᠯᠡᠮᠵᠢ ᠳᠤ ᠢᠷᠡᠵᠦ ᠠᠵᠢᠯᠯᠠᠳᠠᠭ᠂ ᠪᠠᠶᠠᠨ ᠬᠦᠯᠡᠮᠵᠢ ᠳᠤ ᠬᠠᠪᠰᠤᠷᠴᠤ᠂ ᠳᠠᠭᠠᠤ ᠳᠤᠨᠢ ᠵᠣᠭᠤᠰ ᠣᠯᠵᠤ ᠭᠡᠷ ᠤᠨ ᠵᠠᠷᠤᠳᠠᠯ ᠢᠶᠠᠨ ᠨᠥᠬᠦᠪᠥᠷᠢᠯᠡᠳᠡᠭ᠂ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ ᠭᠡᠪᠡ᠃       ᠣᠶᠢᠷ᠎ᠠ ᠶᠢᠨ ᠵᠢᠯ ᠤᠳ ᠲᠤ ᠮᠠᠶᠢᠬᠠᠨᠳᠤ ᠪᠠᠯᠭᠠᠰᠤ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ‌ᠵᠤᠶᠢᠯ  ᠤᠨ  ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠲᠣᠰᠬᠤᠨ ᠤ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠠᠭᠤᠴᠢᠨ ᠲᠠᠷᠢᠮᠠᠯ ᠤᠨ ᠦᠵᠡᠯᠲᠡ ᠶᠢ ᠨᠢ ᠬᠤᠪᠢᠷᠠᠭᠤᠯᠵᠤ᠂ ᠲᠠᠷᠢᠮᠠᠯ ᠤᠨ ᠪᠦᠲᠦᠴᠡ ᠶᠢ ᠨᠢ ᠳᠣᠭᠢᠷᠠᠭᠤᠯᠤᠨ᠂ ᠲᠠᠷᠢᠮᠠᠯ ᠤᠨ ᠲᠣᠮᠣ ᠡᠷᠦᠬᠡ ᠶᠢᠨ ᠪᠡᠯᠡᠳᠭᠡᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠬᠦ ᠶᠢ  ᠵᠤᠷᠢᠭᠵᠢᠭᠤᠯᠵᠤ  ᠂ ᠨᠡᠶᠢᠳᠡ 60 ᠭᠠᠷᠤᠢ ᠰᠠᠭᠤᠷᠢ ᠬᠦᠯᠡᠮᠵᠢ ᠲᠠᠢ᠂ ᠪᠦᠬᠦᠨ ᠢᠶᠠᠷ ᠢᠶᠠᠨ ᠭᠦᠵᠡᠯᠵᠡᠭᠡᠨ᠎ᠡ᠂ ᠭᠤᠸᠠ ᠪᠠ ᠢᠳᠡᠰᠢᠨ ᠨᠣᠭᠤᠭ᠎ᠠ ᠲᠠᠷᠢᠵᠠᠢ᠃ ᠴᠠᠷᠭᠠᠨ᠎ᠠ ᠲᠣᠰᠬᠤᠨ ᠤ ᠲᠠᠷᠢᠶᠠᠴᠢᠳ ᠬᠦᠯᠡᠮᠵᠢ ᠪᠠᠨ ᠳᠠᠷᠢᠬᠤ ᠪᠠᠷ ᠲᠠᠮᠵᠢᠨ ᠪᠠᠶᠠᠵᠢᠯ ᠤᠨ ᠵᠠᠮ ᠢᠶᠠᠷ ᠵᠠᠮᠨᠠᠵᠤ᠂ ᠡᠳᠦᠷ ᠠᠴᠠ ᠡᠳᠦᠷ ᠰᠠᠶᠢᠵᠢᠷᠠᠵᠤ ᠪᠠᠶᠢᠯ᠎ᠠ᠃    ᠲᠠᠭᠠᠭᠤᠯᠤᠭᠴᠢ ᠠᠵᠤ ᠠᠬᠤᠶᠢᠯᠠᠯ ᠤᠨ ᠲᠠᠷᠢᠶᠠᠯᠠᠩ ᠤᠨ ᠵᠤᠭᠠᠴᠠᠯ ᠤᠨ ᠺᠣᠮᠫᠠᠨᠢ ᠶᠢᠨ ᠯᠢᠶᠠᠩᠴᠧᠩ  ᠰᠢᠶᠠᠨ ᠤ ᠲᠠᠷᠢᠶᠠᠯᠠᠩ ᠤᠨ ᠲᠠᠯᠠᠪᠠᠢ ᠵᠢᠴᠢ ᠤᠨᠴᠠᠯᠢᠬᠳᠤ ᠲᠠᠷᠢᠮᠠᠯ ᠤᠨ ᠲᠣᠰᠬᠤᠨ ᠤ ᠴᠠᠷᠭᠠᠨ᠎ᠠ ᠲᠣᠰᠬᠤᠨ ᠤ ᠳᠠᠭᠠᠭᠤᠯᠭ᠎ᠠ ᠪᠠᠷ ᠂ ᠪᠦᠬᠦ ᠪᠠᠯᠭᠠᠰᠤ ᠪᠠᠷ ᠢᠶᠠᠨ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠵᠠᠭᠪᠤᠷ ᠢᠶᠠᠷ ᠭᠤᠣᠯᠯᠠᠭᠴᠢ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠲᠦᠬᠦᠭᠡᠷᠦᠮᠵᠢᠳᠤ ᠲᠠᠷᠢᠶᠠᠯᠠᠩ ᠤᠨ ᠬᠥᠭᠵᠢᠯᠲᠡ ᠶᠢᠨ ᠬᠠᠨᠳᠤᠰᠢ ᠨᠡᠩ ᠡᠷᠴᠢᠮᠲᠡᠢ ᠪᠠᠶᠢᠨ᠎ᠠ᠃ ᠣᠳᠣᠬᠠᠨ ᠳᠤ ᠬᠦᠯᠡᠮᠵᠢ ᠶᠢᠨ ᠢᠳᠡᠰᠢᠨ ᠨᠣᠭᠤᠭ᠎ᠠ ᠵᠢᠮᠢᠰ ᠳᠠᠷᠢᠵᠤ ᠪᠠᠶᠢᠭ᠎ᠠ 20 ᠭᠠᠷᠤᠢ ᠡᠷᠦᠬᠡ ᠶᠢᠨ 447 ᠬᠦᠯᠡᠮᠵᠢ ᠳᠤ ᠬᠦᠷᠴᠦ᠂ ᠶᠡᠷᠦᠩᠬᠡᠢ ᠲᠠᠯᠠᠪᠠᠢ ᠨᠢ 2100 ᠮᠦ ᠪᠠᠶᠢᠵᠤ᠂ ᠲᠠᠷᠢᠮᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠡᠭᠦᠳᠴᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠴᠡᠢ᠃                            ᠬᠠᠮ ᠵᠠᠭᠤᠴᠢᠯᠠᠭᠤᠷ ᠤᠨ ᠲᠦᠪ᠄    ᠰᠦᠩ ᠹᠦ᠋  ᠾᠧᠩ                                                           ᠸᠠᠩ ᠭᠦᠸᠧ ᠵᠢᠶᠦ᠋ᠨ                                      ᠨᠠᠶᠢᠷᠠᠭᠤᠯᠤᠭᠴᠢ᠄ ᠶᠠᠩ ᠿᠦᠢ ᠵᠧᠨ                                      ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2