ᠮᠠᠨ ᠤ ᠰᠢᠶᠠᠨ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/13
     2 ᠰᠠᠷ᠎ᠠ ᠶᠢᠨ 10 ᠤ ᠡᠳᠦᠷ᠂ ᠮᠠᠨ ᠤ ᠰᠢᠶᠠᠨ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠶᠠᠷᠢᠯᠴᠠᠨ ᠰᠤᠳᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠭᠤᠤ ᠵᠢᠶᠦ᠋ᠨ ᠲᠢᠩ᠂ ᠹᠧᠩ ᠵᠢᠶᠦ᠋ᠨ ᠣᠷᠣᠯᠴᠠᠵᠠᠢ᠃
           ᠬᠤᠷᠠᠯ ᠠᠴᠠ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ︔ ᠴᠢᠴᠠᠷᠭᠠᠨ᠎ᠠ ᠳᠠᠷᠢᠬᠤ ᠲᠥᠷᠥᠯ ᠵᠤᠶᠢᠯ ᠤᠨ ᠬᠤᠯᠪᠣᠭᠳᠠᠯ ᠪᠥᠬᠦᠶ  ᠵᠤᠶᠢᠯᠡᠰ ᠢ ᠰᠤᠳᠤᠯᠤᠨ  ᠪᠠᠶᠢᠷᠢᠯᠠᠭᠤᠯᠪᠠ  ︔ ᠣᠷᠭᠠᠨᠢᠭ ᠬᠠᠭᠤᠷᠠᠶ ᠲᠠᠷᠢᠮᠠᠯ ᠡᠯᠳᠡᠪ ᠠᠮᠤ ᠳᠠᠷᠢᠬᠤ ᠬᠤᠯᠪᠣᠭᠳᠠᠯ ᠪᠥᠬᠦᠶ  ᠵᠤᠶᠢᠯᠡᠰ ᠢ ᠰᠤᠳᠤᠯᠤᠨ ᠪᠠᠶᠢᠷᠢᠯᠠᠭᠤᠯᠪᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠪᠠᠶᠢᠷᠢᠯᠠᠭᠤᠯᠪᠠ︔  ᠪᠠᠰᠠ ᠣᠶᠢᠷ᠎ᠠ ᠶᠢᠨ ᠬᠤᠭᠤᠴᠠᠭᠠᠨ ᠤ ᠲᠠᠷᠢᠶᠠᠯᠠᠩ ᠮᠠᠯ ᠠᠵᠤ ᠠᠬᠤᠶ ᠶᠢᠨ ᠪᠤᠰᠤᠳ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃       ᠬᠤᠷᠠᠯ ᠠᠴᠠ᠂ ᠮᠠᠨ ᠤ ᠰᠢᠶᠠᠨ ᠰᠠᠶᠢᠨ ᠰᠠᠶᠢᠬᠠᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠠᠭᠤᠷᠢ ᠲᠠᠢ ᠶᠤᠮ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠷᠢᠮᠵᠢᠶ᠎ᠠ ᠪᠠᠨ ᠳᠡᠭᠡᠭᠰᠢᠯᠡᠭᠦᠯᠵᠦ ᠲᠠᠬᠢᠨ ᠠᠷᠭ᠎ᠠ ᠰᠦᠪᠡᠭᠴᠢᠯᠡᠵᠦ᠂ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠬᠦᠰᠦᠨᠦᠭᠲᠦ ᠲᠠᠢ ᠬᠠᠷᠭᠤᠭᠤᠯᠵᠤ᠂ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠰᠠᠶᠢᠲᠤᠷ ᠠᠳᠬᠤᠵᠤ᠂ ᠴᠢᠬᠤᠯᠠ ᠡᠯᠧᠮᠧᠨ᠋ᠲ ᠤᠨ ᠬᠠᠷᠰᠢ ᠰᠠᠭᠠᠳ ᠢ ᠠᠷᠢᠯᠭᠠᠵᠤ᠂ ᠲᠦᠷᠦᠯ ᠵᠦᠢᠯ ᠤᠨ ᠬᠡᠷᠡᠭᠵᠢᠭᠦᠯᠦᠯᠲᠡ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ᠠᠮᠢ ᠠᠬᠤᠶ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠨᠴᠠᠯᠢᠭᠳᠤ ᠠᠵᠤ ᠦᠢᠯᠡᠰ ᠢ ᠬᠥᠭᠵᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠠᠮᠢᠳᠤᠯᠢᠭ ᠬᠦᠴᠦᠨ ᠢ ᠬᠥᠭᠵᠢᠭᠡᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠶ᠃ ᠮᠠᠨ ᠤ ᠰᠢᠶᠠᠨ ᠤ ᠪᠣᠳᠠᠲᠠᠢ ᠲᠠᠢ ᠨᠢᠭᠲᠠ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠢ  ᠲᠥᠯᠥᠪᠵᠢᠭᠦᠯᠵᠦ᠂ ᠤᠨᠴᠠᠯᠢᠬᠳᠤ ᠠᠮᠢ ᠠᠬᠤᠢ ᠶᠢᠨ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ  ᠬᠡᠮᠵᠢᠶ᠎ᠡ᠂ ᠰᠢᠨ᠎ᠡ ᠵᠢᠳᠬᠦᠯ ᠴᠢᠷᠮᠠᠶᠢᠯᠭ᠎ᠠ ᠪᠠᠷ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃       ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                          ᠰᠤᠷᠪᠤᠯᠵᠢᠯᠠᠭᠴᠢ᠄ ᠸᠠᠩ ᠪᠢᠨ   ᠯᠢ ᠰᠢᠶᠤᠤ ᠡᠾᠦ᠋ᠢ                                          ᠨᠠᠶᠢᠷᠠᠭᠤᠯᠤᠭᠴᠢ᠄ ᠶᠠᠩ ᠿᠦᠢ ᠵᠧᠨ                                          ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2