ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠬᠤᠷᠢᠶ᠎ᠠ ᠶᠢᠨ 2022 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠨ ︵ᠥᠷᠭᠡᠳᠬᠡᠭᠰᠡᠨ︶ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/17
     2 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ  ᠶᠢᠨ 2022 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠨ ︵ᠥᠷᠭᠡᠳᠬᠡᠭᠰᠡᠨ︶ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠧᠩ ᠳ᠋ᠦᠩ ᠫᠢᠩ ᠵᠢᠴᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠿᠦᠢ ᠬᠤᠷᠠᠯ ᠳᠤ ᠰᠤᠯᠠ ᠣᠷᠣᠯᠴᠠᠪᠠ᠃
        ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠳᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2022 ᠣᠨ ᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠳᠤᠷᠢᠳᠬᠤ ᠺᠠᠳ᠋ᠷ ᠤᠨ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠬᠦ ᠠᠵᠢᠯ ᠢ ᠰᠤᠳᠤᠯᠤᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷᠡᠬᠢ ᠠᠵᠢᠯ ᠤᠨ ᠮᠡᠳᠡᠭᠦᠯᠦᠯᠲᠡ︾ ︵ᠬᠦᠷᠭᠡᠨ ᠬᠢᠨᠠᠭᠤᠯᠬᠤ ᠨᠣᠤᠷᠠᠭ︶᠂ ︽ᠯᠢᠶᠠᠩᠴᠧᠩ ᠰᠢᠶᠠᠨ ᠤ 2021 ᠣᠨ ᠤ ᠰᠢᠶᠠᠩ ᠪᠠᠯᠭᠠᠰᠤ ᠪᠠ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠤᠳᠤᠷᠢᠳᠬᠤ ᠪᠠᠭ ᠵᠢᠴᠢ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠬᠤ ᠲᠥᠰᠦᠯ︾ ︵ᠬᠦᠷᠭᠡᠨ ᠬᠢᠨᠠᠭᠤᠯᠬᠤ ᠨᠣᠤᠷᠠᠭ︶ ᠵᠢᠴᠢ ᠺᠠᠳ᠋ᠷ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠢ ᠶᠠᠷᠢᠯᠴᠠᠨ ᠰᠤᠳᠤᠯᠬᠤ ᠶᠢᠨ ᠬᠠᠮᠲᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
ᠬᠤᠷᠠᠯ ᠠᠴᠠ ᠴᠢᠬᠤᠯᠠᠴᠢᠯᠠᠭᠰᠠᠨ ᠨᠢ    ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠠᠩᠰᠠ ᠡᠪᠬᠡᠮᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠮᠠᠨ ᠤ ᠰᠢᠶᠠᠨ ᠤ ᠳᠠᠩᠰᠠ ᠡᠪᠬᠡᠮᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠠᠵᠤ ᠠᠬᠤᠢ ᠨᠡᠶᠢᠭᠡᠮ ᠤᠨ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠯᠠᠨ ᠤ ᠠᠮᠢᠳᠤᠷᠠᠯ ᠳᠤ ᠦᠢᠯᠡᠴᠢᠯᠡᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠠᠩᠰᠠ ᠡᠪᠬᠡᠮᠡᠯ ᠤᠨ ᠡᠬᠢ ᠪᠠᠶᠠᠯᠢᠭ᠂ ᠠᠰᠢᠭᠯᠠᠯᠲᠠ᠂ ᠠᠮᠤᠷ ᠲᠦᠪᠰᠢᠨ᠂ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠨᠠᠮ ᠤᠨ ᠲᠠᠩᠰᠠ ᠡᠪᠬᠡᠮᠡᠯ ᠢ ᠬᠠᠮᠢᠶᠠᠷᠬᠤ᠂ ᠤᠯᠤᠰ ᠤᠨ ᠲᠡᠤᠬᠡ ᠶᠢ ᠰᠠᠬᠢᠬᠤ᠂ ᠠᠷᠠᠳ ᠲᠦᠮᠡᠨ ᠳᠤ ᠤᠶᠢᠯᠡᠴᠢᠯᠡᠬᠦ︾ ᠢᠷᠠᠭᠤ ᠠᠯᠳᠠᠷᠲᠤ ᠡᠭᠦᠷᠭᠡ ᠶᠢ ᠦᠨᠡᠨᠬᠦ ᠡᠭᠦᠷᠭᠡᠯᠡᠬᠦ ᠬᠡᠷᠡᠭᠲᠡᠶ   ᠭᠡᠪᠡ᠃    ᠬᠤᠷᠠᠯ ᠤᠨ ᠱᠠᠭᠠᠷᠳᠠᠯᠭ᠎ᠠ    ᠨᠢᠭᠡ ᠳᠤ᠂ ᠰᠢᠶᠠᠨ ᠤ ᠨᠠᠮ ᠤᠨ ᠬᠤᠷᠢ᠊ ᠡᠶ᠎ᠡ᠂ ᠰᠢᠶᠠᠨ ᠤ ᠵᠠᠰᠠᠭ ᠤᠨ ᠣᠷᠳᠣᠨ ᠤ ᠭᠤᠣᠯ ᠠᠵᠢᠯ ᠪᠣᠯᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠰᠢᠯᠭᠠᠨ ᠦᠨᠡᠯᠡᠬᠦ ᠲᠥᠰᠦᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠢᠯᠭᠠᠨ ᠬᠢᠨᠠᠬᠤ ᠲᠡᠰ ᠳᠠᠷᠠᠭᠠᠯᠠᠯ ᠢ ᠵᠢᠷᠤᠮᠵᠢᠭᠤᠯᠵᠤ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠨᠠᠷᠢᠯᠢᠬᠵᠢᠭᠤᠯᠬᠤ ᠪᠠ ᠬᠡᠮᠵᠢᠶᠡᠵᠢᠭᠦᠯᠵᠦ᠂ ᠠᠵᠢᠯ ᠤᠨ ︽ᠬᠢᠬᠦ ᠨᠢ ᠤᠯᠠᠨ ᠬᠢᠬᠦ ᠨᠢ ᠴᠥᠭᠡᠨ ᠬᠤᠶᠠᠷ ᠶᠠᠩᠵᠤ ᠲᠠᠢ᠂ ᠰᠠᠶᠢᠨ ᠬᠢᠬᠦ ᠨᠢ ᠮᠠᠭᠤ ᠬᠢᠬᠦ ᠨᠢ ᠠᠳᠠᠯᠢ ᠦᠭᠡᠢ︾ ᠪᠠᠶᠢᠬᠤ ᠤᠷᠮᠠᠰᠢᠭᠤᠯᠤᠨ ᠵᠣᠷᠢᠭᠵᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠬᠤᠶᠠᠷ ᠲᠤ᠂ ᠣᠨ ᠤ ᠬᠢᠨᠠᠨ ᠰᠢᠯᠭᠠᠯᠲᠠ ᠶᠢᠨ ︽ᠳᠣᠬᠢᠭᠤᠷ︾ ᠤᠨ ᠤᠳᠤᠷᠢᠳᠤᠮᠵᠢ ᠶᠢᠨ ᠤᠶᠢᠯᠡᠳᠤᠯ ᠢ  ᠭᠦᠢᠴᠡᠳ ᠪᠠᠳᠠᠷᠠᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠵᠡᠷᠭᠡ ᠲᠠᠯ᠎ᠠ ᠶᠢᠨ ᠦᠷ᠎ᠡ ᠳ᠋ᠦᠩ ᠳᠤ ᠬᠡᠷᠡᠭᠯᠡᠬᠦ ᠶᠢ ᠴᠢᠩᠭᠠᠳᠬᠠᠵᠤ᠂ ᠥᠷᠭᠡᠨ ᠣᠯᠠᠨ ᠺᠠᠳ᠋ᠷᠴᠤᠳ ᠤᠨ ᠵᠣᠷᠢᠭᠲᠠᠶ ᠪᠠᠷ ᠤᠷᠤᠭᠰᠢᠯᠠᠨ ᠳᠠᠪᠰᠢᠬᠤ᠂ ᠬᠦᠴᠦᠯᠡᠨ ᠴᠢᠷᠮᠠᠶᠢᠬᠤ ᠶᠢ ᠬᠥᠭᠵᠢᠭᠡᠵᠦ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ᠃    ᠬᠤᠷᠠᠯ ᠤᠨ ᠱᠠᠭᠠᠷᠳᠠᠯᠭ᠎ᠠ    ᠥᠷᠭᠡᠨ ᠤᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷ᠂ ᠢᠯᠠᠩᠭᠤᠶ᠎ᠠ ᠰᠢᠶᠠᠨ ᠭᠠᠵᠠᠷ ᠤᠨ ᠱᠠᠲᠤᠨ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠡᠷᠬᠡᠪᠰᠢ ᠤᠯᠤᠰ ᠲᠦᠷᠦ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠤᠬᠠᠮᠰᠠᠷ ᠠᠴᠠ ᠪᠠᠨ᠂ ᠰᠠᠨᠠᠭᠠᠴᠢᠯᠠᠭ᠎ᠠ ᠠᠴᠠ ᠪᠠᠨ᠂ ᠪᠦᠬᠦ ᠲᠠᠯ᠎ᠠ ᠪᠠᠷ ᠮᠡᠳᠡᠭᠦᠯᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠡᠮᠦᠨ᠎ᠡ ᠬᠡᠵᠢᠶᠡᠳᠡ ᠦᠨᠡᠨ ᠦᠭᠡ ᠬᠡᠯᠡᠵᠦ᠂ ᠪᠣᠳᠠᠲᠤ ᠪᠠᠶᠢᠳᠠᠯ ᠢ ᠮᠡᠳᠡᠭᠦᠯᠵᠦ᠂ ᠪᠣᠳᠠᠲᠤ ᠪᠠᠶᠢᠳᠠᠯ ᠢ ᠲᠤᠰᠢᠶᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠤᠳᠤᠷᠢᠳᠤᠯᠭ᠎ᠠ ᠶᠢᠨ ᠳᠠᠭᠠᠭᠤᠯᠤᠭᠰᠠᠨ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠦᠷᠦᠭᠦᠯᠡᠨ ᠮᠡᠳᠡᠭᠦᠯᠦᠯᠲᠡ ᠬᠢᠬᠦ ᠡᠲᠡᠭᠡᠳ ᠪᠦᠬᠦᠨ ᠳᠤ ᠨᠢᠭᠡ ᠤᠳᠠᠭᠠᠨ ᠤ ᠪᠦᠬᠦᠨ ᠢ ᠬᠠᠮᠤᠷᠬᠤ ᠪᠣᠯᠪᠠᠰᠤᠷᠠᠭᠤᠯᠤᠯ ᠬᠢᠵᠦ᠂ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠣᠨ ᠤ ᠮᠡᠳᠡᠭᠦᠯᠦᠯᠲᠡ ᠶᠢ ᠰᠠᠶᠢᠲᠤᠷ ᠬᠢᠬᠦ ᠶᠢᠨ ᠠᠰᠢᠭ ᠬᠤᠣᠷ ᠤᠨ ᠬᠠᠷᠢᠴᠠᠭ᠎ᠠ ᠶᠢ ᠲᠣᠳᠣᠷᠬᠠᠶᠢᠯᠠᠨ ᠶᠠᠷᠢᠵᠤ᠂ ᠮᠡᠳᠡᠭᠦᠯᠦᠯᠲᠡ ᠬᠢᠭᠴᠢ ᠠᠴᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠡᠪᠲᠡᠷᠡᠲᠡᠯ᠎ᠡ ᠰᠤᠷᠴᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ᠂ ᠮᠡᠳᠡᠭᠦᠯᠦᠯᠲᠡ ᠶᠢᠨ ᠠᠭᠤᠯᠭ᠎ᠠ ᠶᠢ ᠪᠦᠷᠢᠨ ᠪᠢᠴᠢᠵᠦ᠂ ᠮᠠᠨ ᠤ ᠰᠢᠶᠠᠨ ᠤ ᠤᠳᠤᠷᠢᠳᠬᠤ ᠺᠠᠳ᠋ᠷᠴᠤᠳ ᠤᠨ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ  ᠭᠡᠵᠠᠢ᠃ ︵ᠰᠤᠷᠪᠤᠯᠵᠢᠯᠠᠭᠴᠢ᠄ ᠸᠠᠩ ᠪᠢᠨ     ᠯᠢ ᠰᠢᠶᠤᠤ  ᠡᠾᠦ᠋ᠢ︶                                ᠨᠠᠶᠢᠷᠠᠭᠤᠯᠤᠭᠴᠢ᠄ ᠯᠢ ᠬᠤᠩ ᠢᠦᠢ                                ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2