ᠯᠢᠶᠠᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︵2022 ᠣᠨ︶ ᠤᠨ 8 ᠳ᠋ᠤᠭᠠᠷ ᠲᠣᠭᠠᠲᠤ ᠠᠯᠪᠠᠨ ᠵᠠᠷ
ᠨᠡᠶᠢᠲᠡᠯᠡᠭᠰᠡᠨ ᠴᠠᠭ᠄
2022/2/18
   ᠯᠢᠶᠠᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︵2022 ᠣᠨ︶ ᠤᠨ 8 ᠳ᠋ᠤᠭᠠᠷ ᠲᠣᠭᠠᠲᠤ ᠠᠯᠪᠠᠨ ᠵᠠᠷ    ᠬᠥᠬᠡᠬᠤᠲᠠ ᠠᠴᠠ ᠢᠷᠡᠭᠰᠡᠨ ᠮᠠᠨ ᠤ ᠰᠢᠶᠠᠨ ᠤ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠠᠯᠪᠠᠨ ᠵᠠᠷ ᠥᠷᠭᠡᠨ ᠤᠯᠠᠨ ᠰᠠᠭᠤᠭᠠᠯᠢ ︵ᠲᠣᠰᠬᠤᠨ ᠤ︶ ᠠᠷᠠᠳ ᠤᠨ  ᠨᠠᠶᠢᠵᠠ ᠨᠠᠷ ᠠ᠄      2022 ᠣᠨ ᠤ 2 ᠰᠠᠷ᠎ᠠ ᠶᠢᠨ 15 ᠤ ᠡᠳᠦᠷ ᠤᠨ 23 ᠴᠠᠭ ᠠᠴᠠ 16 ᠤ ᠡᠳᠦᠷ ᠤᠨ 3 ᠴᠠᠭ ᠪᠣᠯᠲᠠᠯ᠎ᠠ᠂ ᠬᠥᠬᠡᠬᠤᠲᠠ ᠶᠢᠨ ᠬᠢᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷᠲᠠᠢ 3 ᠬᠥᠮᠦᠨ ᠢ ᠢᠯᠡᠷᠡᠭᠦᠯᠵᠦ᠂ ᠤᠷᠤᠰᠬᠠᠯ ᠢ ᠡᠷᠢᠬᠦ ᠠᠵᠢᠯ ᠶᠠᠭ ᠶᠠᠪᠤᠭᠳᠠᠵᠤ ᠪᠤᠢ᠃ ᠮᠠᠨ ᠤ ᠰᠢᠶᠠᠨ ᠬᠥᠬᠡᠬᠤᠲᠠ ᠲᠠᠢ ᠬᠥᠷᠰᠢᠯᠡᠵᠦ᠂ ᠬᠥᠮᠦᠰ ᠤᠨ ᠶᠠᠪᠤᠯᠴᠠᠭ᠎ᠠ ᠣᠯᠠᠰᠢᠷᠠᠭᠰᠠᠨ ᠠᠴᠠ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠲᠣᠰ ᠡᠳᠦᠷ ᠠᠴᠠ ᠡᠬᠢᠯᠡᠨ᠂ ᠬᠥᠬᠡᠬᠤᠲᠠ ᠠᠴᠠ ᠮᠠᠨ ᠤ ᠰᠢᠶᠠᠨ ᠳᠤ ᠢᠷᠡᠭᠰᠡᠨ ᠬᠥᠮᠦᠨ ᠪᠦᠬᠦᠨ 48 ᠴᠠᠭ ᠤᠨ ᠴᠥᠮ᠎ᠡ ᠶᠢᠨ ᠬᠦᠴᠢᠯ ᠤᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠂ ᠬᠡᠷᠪᠡ ᠬᠠᠩᠭᠠᠵᠤ ᠳᠡᠶᠢᠯᠬᠦ ᠥᠬᠡᠶ ᠪᠣᠯ᠂ ᠪᠤᠴᠠᠵᠤ ᠢᠷᠡᠭᠰᠡᠨ ᠤ ᠳᠠᠷᠠᠭ᠎ᠠ ᠬᠠᠮᠤᠭ ᠤᠨ ᠲᠡᠷᠢᠭᠦᠨ ᠳᠤ ᠰᠢᠶᠠᠨ ᠤ ᠡᠮᠨᠡᠯᠭᠡ ᠶᠢᠨ ᠬᠤᠷᠢᠶ᠎ᠠ ᠳᠤ ᠬᠦᠷᠴᠦ ᠴᠥᠮ᠎ᠡ ᠶᠢᠨ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠂ ᠦᠷ᠎ᠡ ᠳ᠋ᠦᠩ ᠨᠢ ᠭᠠᠷᠬᠤ ᠠᠴᠠ ᠡᠮᠦᠨ᠎ᠡ᠂ ᠥᠪᠡᠷ ᠤᠨ ᠬᠡᠷ  ᠲᠡᠭᠡᠨ ᠲᠤᠰᠠᠭᠠᠷᠯᠠᠨ᠎ᠠ︔ ᠳᠡᠭᠡᠷ᠎ᠡ ᠳᠤᠷᠠᠳᠤᠭᠰᠠᠨ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠰᠢᠶᠠᠩ ᠪᠠᠯᠭᠠᠰᠤ᠂ ᠨᠡᠶᠢᠭᠡᠮ ᠲᠣᠭᠤᠷᠢᠭ ︵ᠲᠣᠰᠬᠤᠨ︶ ᠲᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ 14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7᠂ 14 ᠡᠳᠦᠷ ᠲᠤ 3 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠶ᠃    ᠬᠤᠶᠠᠷ᠂ 2 ᠳ᠋ᠤᠭᠠᠷ ᠰᠠᠷ᠎ᠠ ᠶᠢᠨ 1 ᠤ ᠡᠳᠦᠷ ᠠᠴᠠ ᠨᠠᠰᠢ᠂ ᠬᠥᠬᠡᠬᠤᠲᠠ ᠠᠴᠠ ᠮᠠᠨ ᠤ ᠰᠢᠶᠠᠨ ᠳᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠰᠢᠶᠠᠩ ᠪᠠᠯᠭᠠᠰᠤ᠂ ᠨᠡᠶᠢᠭᠡᠮ ᠲᠣᠭᠤᠷᠢᠭ ︵ᠲᠣᠰᠬᠤᠨ︶ ᠲᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠪᠦᠬᠦᠯᠢ 14 ᠡᠳᠦᠷ ᠪᠣᠯᠤᠭᠰᠠᠨ ᠪᠠᠶᠢᠪᠠᠯ᠂ ᠠᠯᠢ ᠲᠦᠷᠭᠡᠨ ᠢᠶᠠᠷ ᠰᠢᠶᠠᠨ ᠤ ᠡᠮᠨᠡᠯᠭᠡ ᠶᠢᠨ ᠬᠤᠷᠢᠶ᠎ᠠ ᠳᠤ ᠬᠦᠷᠴᠦ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠨ᠎ᠡ︔ 14 ᠡᠳᠦᠷ ᠳᠦᠭᠦᠷᠦᠭᠡᠳᠦᠶ ᠪᠠᠶᠢᠪᠠᠯ᠂ ︽ᠨᠥᠬᠦᠵᠦ  ᠭᠦᠢᠴᠡᠳᠭᠡᠬᠦ︾ ᠵᠠᠷᠴᠢᠮ ᠶᠣᠰᠣᠭᠠᠷ᠂ 14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7᠂ 14 ᠳ᠋ᠦᠭᠡᠷ ᠡᠳᠦᠷ ᠲᠤ 3 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠡᠬᠢᠯᠡᠭᠰᠡᠨ ᠡᠳᠦᠷ ᠬᠤᠭᠤᠴᠠᠭ᠎ᠠ ᠶᠢ ᠬᠥᠬᠡᠬᠤᠲᠠ ᠠᠴᠠ ᠰᠠᠯᠤᠭᠰᠠᠨ ᠡᠳᠦᠷ ᠠᠴᠠ ᠡᠬᠢᠯᠡᠵᠦ ᠪᠤᠳᠤᠨ᠎ᠠ᠃    ᠭᠤᠷᠪᠠ᠂ ︽ᠳᠠᠶᠢᠯᠠᠯᠭ᠎ᠠ ᠶᠢ ᠬᠢᠬᠦ ᠥᠭᠡᠢ︾ ᠪᠠᠶᠢᠬᠤ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠳᠠᠶᠢᠯᠠᠯᠭ᠎ᠠ᠂ ᠦᠵᠡᠭᠦᠯᠦᠯᠭᠡ ᠪᠣᠷᠣᠯᠠᠭᠤᠯᠭ᠎ᠠ᠂ ᠤᠷᠠᠨ ᠰᠠᠶᠢᠬᠠᠨ  ᠤ ᠲᠣᠭᠯᠠᠯᠲᠠ ᠵᠡᠷᠭᠡ ᠲᠤᠮᠤ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠬᠦᠴᠦᠨ ᠥᠭᠡᠢ ᠪᠣᠯᠭᠠᠵᠤ᠂ ᠣᠪᠣᠭᠠᠯᠠᠬᠤ ᠥᠭᠡᠢ᠂ ᠴᠤᠭᠯᠠᠷᠠᠬᠤ ᠥᠭᠡᠢ᠂ ᠬᠠᠮᠲᠤ ᠬᠤᠭᠤᠯᠠᠯᠠᠬᠤ ᠥᠭᠡᠢ ᠪᠠᠶᠢᠵᠤ᠂ ᠡᠷᠡᠭᠦᠯ ᠬᠠᠮᠠᠭᠠᠯᠠᠯ  ᠤᠨ ᠰᠠᠶᠢᠨ ᠰᠠᠶᠢᠬᠠᠨ ᠳᠠᠳᠬᠠᠯ ᠪᠠ ᠠᠮᠢᠳᠤᠷᠠᠯ  ᠤᠨ ᠠᠷᠭ᠎ᠠ  ᠮᠠᠶ᠋ᠢᠭ ᠢ ᠪᠤᠢ ᠪᠣᠯᠭᠠᠬᠤ ᠬᠡᠷᠡᠭᠲᠡᠶ᠃   ᠲᠦᠷᠪᠡ᠂ ᠪᠦᠬᠦ ᠰᠢᠶᠠᠨ ᠤ ᠪᠤᠢ ᠪᠦᠬᠦᠢ ᠺᠢᠨᠣ᠋ ᠶᠢᠨ ᠣᠷᠳᠣᠨ᠂ KTV᠂ ᠰᠦᠯᠵᠢᠶᠡᠨ ᠤ ᠪᠠᠭᠠᠷ᠂ ᠴᠢᠴᠢᠭᠦᠷ ᠪᠥᠮᠪᠦᠭᠡ ᠶᠢᠨ ᠦᠷᠦᠭᠡ᠂ ᠪᠡᠶ᠎ᠡ ᠴᠢᠭᠢᠷᠠᠭᠵᠢᠭᠤᠯᠬᠤ ᠦᠷᠦᠭᠡ᠂ ᠨᠣᠮ ᠤᠨ ᠰᠠᠩ᠂ ᠤᠬᠢᠶᠠᠯᠭ᠎ᠠ ᠶᠢᠨ ᠲᠥᠪ᠂ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠯ ᠤᠨ ᠠᠩᠬᠢ᠂ ᠦᠳᠦᠨ ᠪᠥᠮᠪᠦᠭᠡ ᠶᠢᠨ ᠦᠷᠦᠭᠡ᠂ ᠫᠢᠩᠫᠠᠩ ᠪᠥᠮᠪᠦᠭᠡ ᠶᠢᠨ ᠦᠷᠦᠭᠡ ᠵᠡᠷᠭᠡ ᠰᠣᠶᠣᠯ ᠪᠡᠶ᠎ᠡ ᠶᠢᠨ ᠲᠠᠮᠢᠷ ᠤᠨ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢ ᠲᠦᠷ ᠵᠣᠭᠰᠣᠭᠠᠬᠤ ᠪᠤᠶᠤ ᠨᠡᠭᠡᠭᠡᠬᠦ ᠶᠢ ᠲᠦᠷ ᠵᠣᠭᠰᠣᠭᠠᠨ᠎ᠠ︔ ᠪᠣᠶ ᠪᠥᠬᠦᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠤᠷᠢᠭᠤᠯ ᠤᠨ ᠭᠠᠵᠠᠷ ᠵᠡᠷᠭᠡ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃    ᠲᠠᠪᠤ᠂ ᠪᠣᠶ ᠪᠥᠬᠦᠶ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠵᠣᠴᠢᠳ ᠤᠨ ᠪᠠᠭᠤᠳᠠᠯ᠂ ᠵᠣᠴᠢᠳ ᠤᠨ ᠪᠠᠭᠤᠳᠠᠯ᠂ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠡᠳᠦᠷ ᠲᠤᠲᠤᠮ ᠤᠨ ᠠᠷᠢᠭᠤᠳᠬᠠᠨ ᠰᠠᠯᠬᠢ ᠨᠡᠪᠲᠡᠷᠡᠭᠦᠯᠬᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃    ᠵᠢᠷᠭᠤᠭ᠎ᠠ᠂ ᠡᠯ᠎ᠡ ᠲᠥᠷᠥᠯ ᠤᠨ ᠡᠭᠦᠳᠡᠨ ᠡᠮᠨᠡᠯᠭᠡ᠂ ᠡᠮ ᠤᠨ ᠳᠡᠯᠭᠡᠭᠦᠷ᠂ ᠡᠷᠡᠭᠦᠯ ᠬᠠᠮᠠᠭᠠᠯᠠᠯ ᠤᠨ ᠲᠠᠰᠤᠭ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠳᠠᠷᠤᠬᠤ ᠡᠳ᠋︾ ᠳᠥᠷᠪᠡᠨ ᠲᠥᠷᠥᠯ ᠤᠨ ᠡᠮ ᠤᠨ ᠵᠤᠶᠢᠯ ᠢ ᠪᠣᠷᠣᠯᠠᠭᠤᠯᠬᠤ ᠶᠢ ᠲᠦᠷ ᠵᠣᠭᠰᠣᠭᠠᠵᠤ᠂ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢ ᠭᠠᠷᠭᠠᠪᠠᠯ᠂ ᠪᠤᠰᠤᠳ ᠡᠮᠴᠢᠯᠡᠭᠡᠨ ᠤ ᠪᠠᠶᠢᠭᠤᠯᠤᠮᠵᠢ ᠨᠤᠭᠤᠳ ᠬᠠᠯᠠᠭᠤᠷᠠᠭᠰᠠᠨ ᠡᠪᠡᠳᠴᠢᠨ ᠤ ᠵᠢᠱᠢᠶ᠎ᠡ ᠶᠢ ᠭᠥᠯᠢᠶᠡᠨ ᠠᠪᠴᠤ ᠵᠠᠰᠠᠵᠤ ᠪᠣᠯᠬᠤ ᠥᠬᠡᠶ᠃    ᠳᠣᠯᠤᠭ᠎ᠠ᠂ ᠬᠥᠬᠡᠬᠤᠲᠠ ᠠᠴᠠ ᠮᠠᠨ ᠤ ᠰᠢᠶᠠᠨ ᠳᠤ ᠪᠤᠴᠠᠬᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠨᠦᠭᠦᠳ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠴᠢᠩᠭ᠎ᠠ ᠪᠠᠶᠢᠴᠠᠭᠠᠨ ᠰᠢᠯᠭᠠᠬᠤ ᠬᠡᠷᠡᠭᠲᠡᠶ᠂ ᠬᠠᠩᠭᠠᠵᠤ ᠳᠡᠶᠢᠯᠬᠦ ᠥᠬᠡᠶ ᠪᠣᠯ ᠠᠶᠠᠨᠴᠢᠳ ᠤᠨ ᠲᠡᠭᠡᠭᠡᠪᠦᠷᠢ ᠪᠤᠶᠤ ᠪᠤᠰᠤᠳ ᠲᠡᠷᠭᠡᠨ ᠳᠤ ᠰᠠᠭᠤᠵᠤ ᠪᠤᠴᠠᠵᠤ ᠪᠣᠯᠬᠤ ᠥᠬᠡᠶ᠂ ᠪᠣᠶ ᠪᠥᠬᠦᠶ ᠠᠶᠠᠨᠴᠢᠳ ᠲᠣᠭᠲᠠᠭᠰᠠᠨ ᠥᠷᠲᠡᠭᠡ ᠴᠡᠭ ᠲᠤ ᠲᠡᠷᠭᠡᠨ ᠠᠴᠠ ᠪᠠᠭᠤᠬᠤ ᠶᠢᠨ ᠬᠠᠮᠲᠤ ᠲᠡᠷᠭᠡᠨ ᠥᠷᠲᠡᠭᠡᠨ ᠤ ᠠᠵᠢᠯᠲᠠᠨ ᠢᠶᠠᠷ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠭᠤᠯᠬᠤ ᠬᠡᠷᠡᠭᠲᠡᠶ︔ ᠵᠠᠮ ᠬᠠᠷᠢᠯᠴᠠᠭᠠᠨ  ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠟ ᠣᠳ ᠠᠶᠠᠨᠴᠢᠳ  ᠢ ︽ᠬᠠᠷ᠎ᠠ ᠲᠡᠷᠭᠡ︾ ᠪᠠᠷ ᠲᠡᠭᠡᠭᠡᠬᠦ ᠥᠢᠯᠡ ᠠᠵᠢᠯᠯᠠᠭ᠎ᠠ  ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃    ᠨᠠᠢᠮᠠ᠂ ᠡᠯ᠎ᠡ ᠰᠢᠶᠠᠩ ᠪᠠᠯᠭᠠᠰᠤ᠂ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠡ ᠨᠦᠭᠦᠳ 2 ᠳ᠋ᠤᠭᠠᠷ ᠰᠠᠷ᠎ᠠ ᠶᠢᠨ 1 ᠤ ᠡᠳᠦᠷ ᠠᠴᠠ ᠨᠠᠰᠢ᠂ ᠬᠥᠬᠡᠬᠤᠲᠠ ᠶᠢᠨ ᠵᠤᠭᠠᠴᠠᠨ ᠰᠠᠭᠤᠭᠰᠠᠨ ᠲᠡᠤᠬᠡ ᠲᠠᠢ ᠬᠥᠮᠦᠰ ᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠵᠢᠭᠰᠠᠭᠠᠬᠤ ᠶᠢᠨ ᠬᠠᠮᠲᠤ ᠲᠥᠷᠥᠯ ᠬᠤᠪᠢᠶᠠᠨ ᠡᠬᠡ ᠲᠠᠩᠰᠠ ᠪᠠᠶᠢᠭᠤᠯᠵᠤ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃    ᠶᠢᠰᠦ᠂ ᠥᠷᠭᠡᠨ ᠣᠯᠠᠨ ᠰᠠᠭᠤᠭᠠᠯᠢ ᠠᠷᠠᠳ ︵ᠲᠣᠰᠬᠤᠨ︶ ᠤᠨ ᠨᠠᠶᠢᠵᠠ ᠨᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠶᠢ ᠬᠦᠰᠡᠵᠦ ᠪᠠᠶᠢᠨ᠎ᠠ᠃ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠥᠪᠡᠷᠲᠡᠭᠡᠨ ᠡᠮ ᠤᠤᠭᠤᠵᠤ ᠪᠣᠯᠬᠤ ᠦᠭᠡᠢ᠂ ᠠᠮᠠᠪᠴᠢ ᠵᠡᠭᠦᠵᠦ ᠠᠯᠢ ᠲᠦᠷᠭᠡᠨ ᠢᠶᠠᠷ ᠰᠢᠶᠠᠨ ᠤ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠭᠦᠯᠬᠦ ᠪᠤᠶᠤ ᠵᠢᠭᠰᠠᠭᠠᠨ ᠪᠠᠶᠢᠴᠠᠭᠠᠵᠤ᠂ ᠡᠮᠨᠡᠭᠦᠯᠬᠦ ᠶᠠᠪᠤᠴᠠ ᠳᠤ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠵᠤᠭᠠᠴᠠᠨ ᠰᠠᠭᠤᠭᠰᠠᠨ ᠲᠡᠦᠬᠡ᠂ ᠣᠶᠢᠷᠠᠲᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠶ᠃    ᠠᠷᠪᠠ᠂ ᠰᠠᠭᠤᠭᠠᠯᠢ ᠠᠷᠠᠳ ︵ᠲᠣᠰᠬᠤᠨ︶ ᠤᠨ ᠥᠷᠭᠡᠨ ᠣᠯᠠᠨ ᠨᠠᠶᠢᠵᠠ ᠨᠠᠷ ᠴᠤᠤᠷᠬᠠᠯ ᠢ ᠢᠲᠡᠭᠡᠬᠦ ᠥᠬᠡᠶ ᠂ ᠴᠤᠤᠷᠬᠠᠯ ᠢ ᠲᠠᠷᠬᠠᠭᠠᠬᠤ ᠥᠬᠡᠶ ᠪᠠᠶᠢᠵᠤ᠂ ᠠᠯᠪᠠᠨ ᠤ ᠲᠠᠯ᠎ᠠ ᠶᠢᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠨᠢᠭᠲᠠ ᠠᠩᠬᠠᠷᠴᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠣᠪᠣᠭᠠᠯᠠᠬᠤ ᠥᠬᠡᠶ᠂ ᠴᠤᠭᠯᠠᠷᠠᠬᠤ ᠥᠬᠡᠶ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠠ ᠨᠡᠶᠢᠭᠡᠮ ᠤᠨ ᠬᠠᠷᠢᠯᠴᠠᠭᠠᠨ ᠤ ᠨᠢᠭᠡ ᠮᠧᠲᠷ ᠤᠨ ᠵᠠᠶ ᠶᠢ ᠪᠠᠷᠢᠮᠲᠠᠯᠠᠨ᠂ ︽ᠵᠠᠪᠠᠯ ᠭᠠᠳᠠᠭᠰᠢ ᠶᠠᠪᠤᠬᠤ︾᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠳᠤ ᠣᠴᠢᠬᠤ ᠥᠬᠡᠶ ᠪᠠᠶᠢᠬᠤ ᠶᠢ ᠰᠠᠨᠠᠭᠠᠴᠢᠯᠠᠨ᠎ᠠ᠃    ᠠᠷᠪᠠᠨ ᠨᠢᠭᠡ᠂ ᠲᠤᠰ ᠠᠯᠪᠠᠨ ᠵᠠᠷ ᠢ ᠨᠡᠶᠢᠲᠡᠯᠡᠭᠰᠡᠨ ᠴᠠᠭ ᠠᠴᠠ ᠡᠬᠢᠯᠡᠨ᠂ ᠮᠠᠨ ᠤ ᠰᠢᠶᠠᠨ ᠳᠤ ᠪᠠᠶᠢᠭ᠎ᠠ ᠪᠤᠢ ᠪᠦᠬᠦᠢ ᠨᠢᠭᠡᠴᠡ ᠪᠠ ᠬᠥᠮᠦᠰ ᠴᠥᠮ ᠴᠢᠩᠭ᠎ᠠ ᠵᠢᠷᠤᠮᠯᠠᠵᠤ᠂ ᠠᠯᠪᠠᠨ ᠵᠠᠷ ᠤᠨ ᠲᠣᠭᠲᠠᠭᠠᠯ ᠢ ᠵᠥᠷᠢᠴᠡᠭᠰᠡᠳ ᠲᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ  ᠰᠢᠢᠳᠪᠤᠷᠢᠯᠡᠬᠦ ᠬᠡᠷᠡᠭᠲᠡᠶ᠃    ᠳᠡᠭᠡᠷᠡᠬᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠥᠬᠡᠬᠤᠲᠠ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠵᠢᠴᠢ ᠮᠠᠨ ᠤ ᠬᠤᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠬᠥᠳᠡᠯᠦᠩᠭᠦᠶ ᠪᠠᠷ ᠳᠣᠭᠢᠷᠠᠭᠤᠯᠤᠨ᠎ᠠ᠃                       ᠯᠢᠶᠠᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                            2022 ᠣᠨ ᠤ 2 ᠰᠠᠷ᠎ᠠ ᠶᠢᠨ 16 ᠤ ᠡᠳᠦᠷ 
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2