ᠬᠤᠩ ᠮᠤᠤ ᠪᠠᠯᠭᠠᠰᠤ ︽ᠲᠦᠷᠪᠡ ᠶᠢ ᠪᠣᠳᠠᠲᠠᠶᠢᠵᠢᠭᠤᠯᠬᠤ︾ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠵᠤ ᠶᠡᠬᠡᠪᠡᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2022/2/22
    ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠶᠢᠨ ᠲᠥᠯᠥᠭᠡ᠂ ᠤᠢᠢᠷ᠎ᠠ ᠳᠤ᠂ ᠬᠤᠩ ᠮᠤᠤ ᠪᠠᠯᠭᠠᠰᠤ ᠶᠢᠨ ᠬᠢᠨ ᠢᠳᠡᠪᠬᠢᠲᠡᠢ ᠨᠢᠮᠪᠠᠢ ᠪᠠᠶᠢᠷᠢᠯᠠᠭᠤᠯᠵᠤ ᠂ ᠢᠳᠡᠪᠬᠢᠲᠡᠢ ᠠᠵᠢᠯᠯᠠᠵᠤ᠂ ︽ᠲᠦᠷᠪᠡ ᠶᠢ ᠪᠣᠳᠠᠲᠠᠶᠢᠵᠢᠭᠤᠯᠬᠤ︾ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠵᠡᠢ
        ᠨᠢᠭᠡ ᠳᠤ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠵᠢᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠳᠡᠭᠡᠭᠰᠢᠯᠡᠭᠦᠯᠬᠦ ᠶᠢ ᠣᠳᠣᠬᠠᠨ ᠤ ᠭᠤᠣᠯ ᠠᠵᠢᠯ ᠪᠣᠯᠭᠠᠨ ᠠᠳᠬᠤᠵᠤ᠂ ᠨᠠᠮ ᠵᠠᠰᠠᠭ ᠤᠨ ᠤᠳᠤᠷᠢᠳᠬᠤ ᠺᠠᠳ᠋ᠷ ᠪᠣᠯᠤᠨ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠲᠤᠰᠬᠠᠢ ᠬᠤᠷᠠᠯ ᠬᠤᠷᠠᠯᠳᠤᠭᠤᠯᠵᠤ᠂ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠠᠷᠭ᠎ᠠ ᠬᠤᠷᠢᠶ᠎ᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠬᠡᠰᠡᠭ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠨᠢᠭᠲᠠ ᠪᠦᠬᠦ ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠵᠠᠢ᠃     ᠬᠤᠶᠠᠷ ᠲᠤ ᠬᠦᠴᠦᠨ ᠢᠶᠠᠨ ᠭᠦᠢᠴᠡᠳ ᠳᠠᠶᠢᠴᠢᠯᠠᠪᠠ᠃ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠵᠠᠷᠴᠢᠮ ᠶᠣᠰᠣᠭᠠᠷ᠂ ᠬᠠᠷᠢᠶ᠎ᠠ ᠣᠷᠣᠨ ᠤ ᠰᠠᠶᠢᠨ ᠳᠤᠷ᠎ᠠ ᠶᠢᠨ ᠠᠵᠢᠯᠯᠠᠭᠴᠢ᠂ ᠲᠣᠰᠬᠤᠨ ᠳᠤ ᠰᠠᠭᠤᠭ᠎ᠠ ᠠᠵᠢᠯᠴᠢᠨ ᠤ ᠳᠤᠭᠤᠶᠢᠯᠠᠩ᠂ ᠨᠡᠶᠢᠭᠡᠮ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠵᠡᠷᠭᠡ ᠬᠦᠴᠦᠨ ᠢ ᠬᠦᠳᠦᠯᠦᠨ ᠳᠠᠭᠠᠭᠤᠯᠵᠤ ᠪᠠᠶᠢᠭᠠᠳ ᠬᠠᠷᠢᠶ᠎ᠠ ᠣᠷᠣᠨ ᠤ ᠳᠣᠲᠣᠷᠠᠬᠢ ᠡᠯ᠎ᠡ ᠲᠦᠷᠦᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠳᠤ ᠲᠣᠣᠷ ᠤᠨ ᠬᠡᠯᠪᠡᠷᠢ ᠪᠠᠷ ᠪᠦᠬᠦ ᠲᠠᠯ᠎ᠠ ᠪᠠᠷ ᠶᠡᠭᠡ ᠪᠠᠶᠢᠴᠠᠭᠠᠯᠲᠠ ᠬᠢᠵᠦ᠂ ᠶᠡᠭᠡ ᠴᠡᠪᠡᠷᠯᠡᠯᠲᠡ ᠬᠢᠬᠦ ᠬᠡᠷᠡᠭᠲᠡᠢ᠃     ᠭᠤᠷᠪᠠ ᠳᠤ ᠢᠯᠭᠠᠷᠠᠭᠤᠯᠤᠨ ᠴᠡᠭᠴᠡᠯᠡᠬᠦ ᠶᠢ ᠪᠣᠳᠠᠲᠠᠶᠢᠵᠢᠭᠤᠯᠤᠨ᠎ᠠ᠃ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠤ ᠤᠳᠤᠷᠢᠳᠬᠤ ᠺᠠᠳ᠋ᠷ ᠲᠦᠷᠦᠭᠦᠯᠡᠨ ᠬᠠᠷᠢᠶ᠎ᠠ ᠲᠣᠭᠤᠷᠢᠭ ᠤᠨ ᠨᠠᠮ ᠤᠨ ᠭᠡᠰᠢᠭᠦᠨ ᠤᠯᠠᠨ ᠲᠦᠮᠡᠨ ᠢ ᠵᠣᠬᠢᠶᠠᠨ ᠪᠠᠶᠢᠭᠤᠯᠤᠨ ᠵᠠᠰᠠᠮᠠᠯ ᠵᠠᠮ ᠳᠠᠭᠠᠤ᠂ ᠭᠤᠣᠯ ᠮᠥᠷᠡᠨ ᠤ ᠬᠦᠪᠡᠭᠡ ᠳᠠᠭᠠᠤ᠂ ᠵᠡᠭᠡᠯᠢ ᠭᠤᠳᠤᠮᠵᠢ᠂ ᠪᠠᠷᠢᠯᠭ᠎ᠠ ᠶᠢᠨ ᠭᠠᠵᠠᠷ ᠤᠨ ᠡᠷᠬᠢᠨ ᠲᠣᠭᠤᠷᠢᠨ ᠵᠡᠷᠭᠡ ᠭᠠᠵᠠᠷ ᠤᠨ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠢ ᠵᠢᠯᠣᠭᠤᠳᠤᠨ ᠰᠤᠷᠭᠠᠨ ᠬᠥᠮᠦᠵᠢᠭᠦᠯᠵᠦ ᠪᠠᠶᠢᠭᠠᠳ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠪᠤᠢ ᠪᠣᠯᠭᠠᠵᠤ᠂ ᠥᠷᠭᠡᠨ ᠤᠯᠠᠨ ᠲᠦᠮᠡᠨ ᠤ ᠠᠷᠢᠭᠤᠨ ᠴᠡᠪᠡᠷ ᠢ ᠡᠷᠬᠢᠮᠯᠡᠬᠦ᠂ ᠣᠷᠴᠢᠨ ᠲᠣᠭᠤᠷᠢᠨ ᠢ ᠬᠠᠮᠠᠭᠠᠯᠠᠬᠤ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃    ᠲᠦᠷᠪᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠪᠣᠳᠠᠲᠠᠶᠢᠵᠢᠭᠤᠯᠪᠠ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢᠭᠡᠳᠦᠯᠲᠡᠶ ᠬᠥᠳᠡᠯᠦᠯᠴᠡᠵᠦ᠂ ᠬᠠᠷᠢᠶ᠎ᠠ ᠣᠷᠣᠨ ᠤ ᠪᠠᠨ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠭᠰᠠᠨ ᠦᠶ᠋ᠯᠡ ᠠᠵᠢᠯᠯᠠᠭ᠎ᠠ ᠳᠤ ᠦᠷᠭᠦᠯᠵᠢᠯᠡᠨ ᠬᠢᠨᠠᠯᠲᠠ ᠪᠠᠶᠢᠴᠠᠭᠠᠯᠲᠠ ᠬᠢᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠣᠳᠠᠲᠠᠶ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃    ᠳᠠᠷᠠᠭᠠᠴᠢ ᠶᠢᠨ ᠠᠯᠬᠤᠮ ᠳᠤ᠂ ᠬᠤᠩ ᠮᠤᠤ ᠪᠠᠯᠭᠠᠰᠤ ᠶᠢᠨ ᠨᠠᠮ ᠤᠨ ᠬᠤᠷᠢᠶ᠎ᠠ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠤᠨ ︽ᠳᠤᠲᠠᠭᠤᠳᠠᠯ︾ ᠢ ᠡᠷᠢᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠵᠦ᠂ ᠪᠦᠬᠦ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ᠃                                         ᠨᠠᠶᠢᠷᠠᠭᠤᠯᠤᠭᠴᠢ᠄   ᠯᠢ ᠬᠤᠩ ᠢᠦᠢ                                         ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2