ᠯᠢᠦ ᠶᠢᠨ ᠲᠤᠤ ᠪᠦᠭᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ‌‍ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/22
     2 ᠰᠠᠷ᠎ᠠ ᠶᠢᠨ 20 ᠤ ᠡᠳᠦᠷ ᠤᠨ ᠣᠷᠣᠶ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠤ ᠮᠠᠨ ᠤ ᠰᠢᠶᠠᠨ ᠳᠤ ᠢᠷᠡᠵᠦ  ᠰᠤᠷᠪᠤᠯᠵᠢᠯᠠᠨ ᠪᠠᠶᠢᠴᠠᠭᠠᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ᠂ ᠮᠠᠨ ᠤ ᠰᠢᠶᠠᠨ ᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠨᠠᠶᠢᠳᠠᠪᠤᠷᠢᠵᠢᠭᠤᠯᠪᠠ᠃
      ᠯᠢᠦ ᠶᠢᠨ ᠲᠤᠤ ᠴᠢᠬᠤᠯᠠᠴᠢᠯᠠᠭᠰᠠᠨ ᠨᠢ᠂ ᠣᠳᠣᠬᠠᠨ ᠳᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ ᠃ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠪᠠᠨ ᠢᠮᠠᠭᠲᠠ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠲᠤᠳᠬᠠᠵᠤ᠂ ︽ᠭᠠᠳᠠᠨ᠎ᠠ ᠠᠴᠠ ᠰᠡᠷᠭᠡᠶᠢᠯᠡᠨ ᠣᠷᠣᠭᠤᠯᠬᠤ︾᠂ ︽ᠬᠥᠮᠦᠨ ᠤ ᠣᠷᠴᠢᠨ ᠲᠣᠭᠤᠷᠢᠨ ᠢ ᠬᠠᠮᠲᠤᠪᠠᠷ ᠰᠡᠷᠭᠡᠶᠢᠯᠡᠬᠦ︾ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠪᠥᠭᠡᠳ ᠴᠢᠩᠭ᠎ᠠ ᠰᠠᠶᠢᠲᠤᠷ ᠬᠢᠬᠦ ᠬᠡᠷᠡᠭᠲᠡᠢ᠃ ᠱᠠᠭᠠᠷᠳᠠᠯᠭ᠎ᠠ ᠶᠢ ᠨᠠᠷᠢᠨ ᠬᠢᠨᠠᠮᠠᠭᠠᠢ ᠬᠠᠷᠢᠴᠠᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠯᠳᠠᠰᠢ ᠭᠠᠷᠬᠤ ᠶᠢ ᠰᠡᠷᠭᠡᠶᠢᠯᠡᠨ ᠡᠵᠡᠮᠳᠡᠬᠦ ᠶᠢ ᠬᠤᠷᠢᠭᠯᠠᠵᠤ᠂ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠨᠢᠭᠲᠠ ᠴᠢᠩᠭ᠎ᠠ  ᠪᠠᠳᠤᠯᠠᠬᠤ ᠬᠡᠷᠡᠭᠲᠡᠢ ᠭᠡᠵᠠᠢ᠃    ᠯᠢᠦ ᠶᠢᠨ ᠲᠤᠤ ᠱᠠᠭᠠᠷᠳᠠᠭᠰᠠᠨ ᠨᠢ᠂ ︽ᠭᠤᠷᠪᠠᠨ ᠲᠣᠭᠤᠷᠢᠭ︾ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠡᠷᠡᠰ ᠬᠡᠷᠡᠭᠵᠢᠭᠦᠯᠵᠦ᠂ ᠰᠢᠶᠠᠨ ᠤ ᠬᠡᠪᠴᠢᠶ᠎ᠡ᠂ ᠰᠢᠶᠠᠩ ᠪᠠᠯᠭᠠᠰᠤᠨ ᠤ ᠬᠡᠪᠴᠢᠶ᠎ᠡ ᠪᠠ ᠠᠶᠢᠯ ᠲᠣᠰᠬᠤᠨ᠂ ᠰᠠᠭᠤᠭᠠᠯᠢ ᠠᠷᠠᠳ ᠤᠨ ᠲᠣᠭᠤᠷᠢᠭ ᠤᠨ ᠬᠥᠮᠦᠰ ᠤᠨ ᠰᠢᠯᠵᠢᠯᠲᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠡᠯ᠎ᠡ ᠬᠢᠵᠢᠭ ᠤᠨ ᠪᠠᠶᠢᠳᠠᠯ ᠢ ᠪᠠᠶᠢᠴᠠᠭᠠᠨ ᠰᠢᠯᠭᠠᠬᠤ ᠥᠷᠲᠡᠭᠡ ᠴᠢᠬ ᠨᠢ ᠪᠠᠶᠢᠴᠠᠭᠠᠨ ᠰᠢᠯᠭᠠᠬᠤ ᠠᠭᠤᠯᠭ᠎ᠠ ᠪᠠᠨ ᠲᠣᠳᠣᠷᠬᠠᠶᠢᠯᠠᠵᠤ᠂ ︽ᠲᠡᠷᠭᠡ ᠳᠠᠭᠠᠷᠠᠪᠠᠯ ᠵᠠᠪᠠᠯ ᠪᠠᠶᠢᠴᠠᠭᠠᠬᠤ᠂ ᠬᠥᠮᠦᠨ ᠳᠠᠭᠠᠷᠠᠪᠠᠯ ᠵᠠᠪᠠᠯ ᠪᠠᠶᠢᠴᠠᠭᠠᠬᠤ︾ ᠱᠠᠭᠠᠷᠳᠠᠯᠭ᠎ᠠ ᠶᠣᠰᠣᠭᠠᠷ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠵᠢᠴᠢ ᠬᠥᠮᠦᠰ ᠤᠨ ᠪᠡᠶ᠎ᠡ ᠶᠢᠨ ᠳᠤᠯᠠᠭᠠᠨ᠂ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ᠂ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠭᠡᠷᠡᠴᠢ᠂ ᠪᠡᠶ᠎ᠡ ᠶᠢᠨ ᠦᠨᠡᠮᠯᠡᠯ ᠵᠡᠷᠭᠡ ᠪᠠᠶᠢᠳᠠᠯ ᠢ ᠪᠠᠶᠢᠴᠠᠭᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠵᠢᠭᠰᠠᠭᠠᠨ ᠪᠠᠶᠢᠴᠠᠭᠠᠵᠤ᠂ ᠨᠠᠷᠢᠨ ᠨᠢᠮᠪᠠᠶ ᠬᠠᠮᠢᠶᠠᠷᠤᠨ ᠡᠵᠡᠮᠳᠡᠵᠦ᠂ ᠬᠢᠵᠢᠭ ᠤᠨ ᠬᠠᠯᠳᠠᠪᠤᠷᠢᠯᠠᠬᠤ ᠡᠬᠢ ᠰᠤᠷᠪᠤᠯᠵᠢ ᠶᠢ ᠦᠨᠡᠨᠬᠦ ᠲᠠᠰᠤᠯᠬᠤ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠮᠠᠯᠲᠠᠬᠤ ᠬᠦᠷᠭᠡᠬᠦ ᠪᠠᠶᠢᠴᠠᠭᠠᠯᠲᠠ ᠶᠢᠨ ᠠᠵᠢᠯ ᠤᠨ ᠳᠡᠭᠡᠳᠦ ᠬᠡᠮᠵᠢᠶ᠎ᠡ ᠪᠠᠷ ᠳᠣᠭᠢᠷᠠᠭᠤᠯᠬᠤ ᠶᠢ ᠴᠢᠩᠭᠠᠳᠬᠠᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠴᠢᠩᠭ᠎ᠠ ᠪᠠᠲᠤᠯᠠᠬᠤ ᠬᠡᠷᠡᠭᠲᠡᠶ᠃ ᠬᠠᠮᠢᠶ᠎ᠠ ᠪᠥᠬᠦᠶ ᠠᠵᠢᠯ ᠤᠨ ᠲᠤᠰᠬᠠᠶ ᠠᠩᠭᠢ ᠶᠢᠨ ᠠᠵᠢᠯᠲᠠᠨ ᠤ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠳ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠶᠡᠷᠦᠩᠬᠡᠶᠢᠯᠡᠨ ᠬᠠᠮᠵᠢᠯᠴᠠᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠡᠳᠦᠷ ᠪᠦᠷᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠠᠵᠢᠯ ᠤᠨ ᠨᠠᠷᠢᠯᠢᠭ ᠣᠨᠣᠪᠴᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠩ ᠮᠤᠤ ᠪᠠᠯᠭᠠᠰᠤ ᠨᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠪᠠ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ  ᠤᠶᠢᠯᠡᠳᠤᠯ ᠢ  ᠭᠦᠢᠴᠡᠳ ᠪᠠᠳᠠᠷᠠᠭᠤᠯᠤᠨ᠂ ᠡᠷᠦᠬᠡ ᠳᠠᠷᠠᠭᠠᠯᠠᠨ ᠰᠠᠭᠤᠭᠠᠯᠢ ᠡᠷᠦᠬᠡ ᠶᠢᠨ ᠬᠠᠮᠢᠶ᠎ᠠ ᠪᠥᠬᠦᠶ ᠪᠠᠶᠢᠳᠠᠯ ᠢ ᠪᠥᠬᠦ ᠲᠠᠯ᠎ᠠ ᠪᠠᠷ ᠨᠠᠷᠢᠨ ᠨᠢᠮᠪᠠᠶ ᠡᠵᠡᠮᠰᠢᠵᠦ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠪᠠ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ  ᠭᠦᠢᠴᠡᠳᠭᠡᠵᠦ᠂ ᠪᠥᠬᠦ ᠡᠳᠦᠷ ᠤᠨ᠂ ᠲᠠᠰᠤᠷᠠᠯᠲᠠ ᠥᠬᠡᠶ ᠬᠢᠨᠠᠯᠲᠠ ᠲᠠᠯᠪᠢᠨ ᠠᠬᠢᠭᠤᠯᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠦᠯᠵᠦ᠂ ᠥᠨᠳᠥᠷ ᠪᠦᠲᠦᠮᠵᠢᠲᠡᠶ ᠪᠠᠷ ᠰᠢᠶ᠋ᠳᠪᠦᠷᠢᠯᠡᠨ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠥᠨᠳᠥᠷ ᠪᠦᠲᠦᠮᠵᠢᠲᠡᠶ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ  ᠭᠡᠵᠠᠢ᠃    ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᡂᠢ ᠵᠢᠶᠠᠨ ᠹᠧᠩ᠂ ᠵᠢᠶᠠ ᠰᠢᠶᠤᠤ ᠫᠢᠩ᠂ ᠵᠧᠩ ᠶᠠᠨ ᠹᠠᠩ ᠂ ᠶᠠᠩ ᠬᠤᠩ᠂ ᡂᠢ ᠶᠦᠩ ᠵᠢᠴᠢ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                             ᠨᠠᠶᠢᠷᠠᠭᠤᠯᠤᠭᠴᠢ᠄    ᠶᠠᠩ ᠿᠦᠢ ᠵᠧᠨ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2