ᠮᠠᠩᠬᠠᠨ  ᠪᠠᠯᠭᠠᠰᠤ᠄ ᠬᠠᠶᠢᠷ᠎ᠠ ᠬᠠᠯᠠᠮᠵᠢ ᠬᠦᠷᠲᠡᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠵᠤ ᠪᠠᠶᠢᠨ᠎ᠠ
ᠨᠡᠶᠢᠲᠡᠯᠡᠭᠰᠡᠨ ᠴᠠᠭ᠄
2022/2/27
    ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ ᠮᠠᠩᠬᠠᠨ ᠪᠠᠯᠭᠠᠰᠤ ᠪᠠᠴᠢᠮ ᠪᠠᠶᠢᠳᠠᠯ ᠢ ᠠᠷᠭᠠᠴᠠᠬᠤ ᠠᠵᠢᠯ ᠢ ᠦᠳᠲᠡᠷ ᠲᠦᠷᠭᠡᠨ ᠡᠬᠢᠯᠡᠭᠦᠯᠵᠦ᠂ ᠪᠠᠯᠭᠠᠰᠤᠨ ᠤ ᠵᠠᠰᠠᠭ ᠤᠨ ᠣᠷᠳᠣᠨ ᠤ ᠺᠠᠳ᠋ᠷ ᠠᠵᠢᠯᠳᠠᠨ᠂ ᠲᠣᠰᠬᠤᠨ ᠤ ᠬᠦᠢ ᠨᠢᠭᠡᠳᠦᠯ ᠤᠨ ᠺᠠᠳ᠋ᠷ᠂ ᠡᠮ ᠡᠮᠨᠡᠯᠭᠡ ᠶᠢᠨ ᠠᠵᠢᠯᠳᠠᠨ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂ ᠨᠠᠮ ᠤᠨ ᠭᠡᠰᠢᠭᠦᠨ ᠤᠯᠠᠨ ᠲᠦᠮᠡᠨ ᠤ ᠲᠥᠯᠥᠭᠡᠯᠡᠭᠴᠢ ᠪᠠᠶᠢᠴᠠᠭᠠᠨ ᠰᠢᠯᠭᠠᠬᠤ ᠦᠷᠳᠡᠭᠡ ᠶᠢᠨ ᠨᠢᠭᠡᠳᠦᠭᠡᠷ ᠹᠷᠣᠨᠲ ᠲᠤ ᠬᠦᠷᠴᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠲᠠᠶᠢᠯᠪᠤᠷᠢᠯᠠᠪᠠ᠃ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠦᠰ ᠲᠡᠳᠡᠨ ᠤ ᠪᠠᠲᠤ ᠰᠠᠬᠢᠬᠤ ᠪᠠ ᠵᠣᠷᠢᠭᠤᠯᠬᠤ ᠠᠵᠢᠯᠯᠠᠭ᠎ᠠ ᠶᠢᠨ ᠡᠮᠦᠨ᠎ᠡ ᠬᠤᠶᠢᠨ᠎ᠠ ᠬᠤᠶᠢᠨ᠎ᠠ ᠠᠴᠠ ᠪᠠᠨ ᠬᠠᠯᠠᠭᠤᠨ ᠰᠡᠳᠬᠢᠯ ᠢ ᠳᠤᠯᠠᠭᠠᠴᠠᠭᠤᠯᠵᠤ᠂ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠠᠵᠢᠯᠲᠠᠳ ᠲᠤ ᠬᠠᠶᠢᠷ᠎ᠠ ᠬᠠᠯᠠᠮᠵᠢ ᠬᠦᠷᠭᠡᠵᠡᠶ᠃
     ᠢᠦᠢ ᠰᠢᠶᠠᠨ ᠤ ᠶᠣᠣ ᠳ᠋ᠦᠩ ᠶᠣᠣ ᠲᠣᠰᠬᠤᠨ ᠳᠤ ᠰᠤᠷᠤᠯᠴᠠᠵᠤ ᠪᠠᠶᠢᠭ᠎ᠠ ᠳ᠋ᠣᠺᠲ᠋ᠣᠷ ᠺᠠᠩ ᠲᠢᠶᠠᠨ ᠯᠢ ᠬᠢᠵᠢᠭ ᠤᠨ ᠪᠠᠶᠢᠳᠠᠯ ᠬᠦᠨᠳᠦ ᠨᠣᠴᠢᠲᠠᠢ᠂ ᠲᠣᠰᠬᠤᠨ ᠤ ᠵᠠᠬ᠎ᠠ ᠳᠤ ᠬᠤᠷᠢᠭ᠎ᠠ ᠲᠠᠯᠪᠢᠭᠰᠠᠨ ᠴᠢᠮᠡᠭᠡ ᠶᠢ ᠰᠣᠨᠣᠰᠤᠭᠠᠳ ᠰᠠᠨᠠᠭᠠᠴᠢᠯᠠᠭ᠎ᠠ ᠠᠴᠠ ᠪᠠᠨ ᠨᠡᠷ᠎ᠡ ᠮᠡᠳᠡᠭᠦᠯᠦᠨ ᠣᠷᠣᠯᠴᠠᠵᠤ᠂ 2 ᠰᠠᠷ᠎ᠠ ᠶᠢᠨ 17 ᠤ ᠡᠳᠦᠷ ᠬᠢᠨᠠᠨ ᠬᠡᠮᠵᠢᠬᠦ ᠦᠷᠳᠡᠭᠡ ᠶᠢᠨ ᠳᠠᠷᠠᠭᠠᠯᠠᠨ ᠪᠠᠶᠢᠴᠠᠭᠠᠬᠤ᠂ ᠳᠠᠩᠰᠠᠯᠠᠬᠤ᠂ ᠢᠳᠬᠠᠨ ᠪᠤᠴᠠᠭᠠᠬᠤ ᠵᠡᠷᠭᠡ ᠠᠵᠢᠯ ᠳᠤ ᠣᠷᠣᠯᠴᠠᠵᠠᠢ᠃ ᠲᠡᠷᠡ᠂ ᠲᠣᠰᠬᠤᠨ ᠤ ᠬᠢᠵᠢᠭ ᠢ ᠡᠰᠡᠷᠭᠦᠴᠡᠬᠦ ᠠᠵᠢᠯᠯᠠᠭ᠎ᠠ ᠳᠤ ᠣᠷᠣᠯᠴᠠᠵᠤ᠂ ᠴᠢᠳᠠᠯ ᠤᠨ ᠬᠢᠷᠢ ᠪᠠᠷ ᠢᠶᠠᠨ ᠪᠠᠭ᠎ᠠ ᠰᠠᠭ᠎ᠠ ᠠᠵᠢᠯ ᠬᠢᠭᠰᠡᠨ ᠳᠡᠭᠡᠨ ᠲᠦᠢᠯ ᠢᠶᠠᠷ ᠣᠮᠣᠭᠰᠢᠵᠤ ᠪᠠᠶᠢᠨ᠎ᠠ᠂ ᠡᠭᠦᠨ ᠤ ᠬᠠᠮᠲᠤ ᠨᠡᠩ ᠤᠯᠠᠨ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠢ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠤ᠂ ᠬᠢᠵᠢᠭ ᠤᠨ ᠪᠠᠶᠢᠳᠠᠯ ᠢ ᠬᠠᠮᠲᠤᠪᠠᠷ ᠢᠯᠠᠨ ᠳᠠᠪᠠᠭ᠋ᠤ ᠶᠢ ᠤᠷᠢᠶᠠᠯᠠᠵᠤ ᠪᠠᠶᠢᠨ᠎ᠠ ᠭᠡᠵᠦ ᠢᠯᠡᠳᠬᠡᠪᠡ᠃      ᠢᠦᠢ ᠰᠢᠶᠠᠨ ᠤ ᠶᠣᠣ ᠡᡁᠸᠤ ᠵᠢᠶᠠ ᠶᠣᠣ ᠲᠣᠰᠬᠤᠨ ᠤ ᠬᠠᠯᠠᠭᠤᠨ ᠰᠡᠳᠬᠢᠯᠲᠦ ᠲᠣᠰᠬᠤᠨ ᠤ ᠠᠷᠠᠳ ᠰᠢᠶᠧ ᠲᠦᠩ ᠴᠢᠩ ᠲᠣᠰᠬᠤᠨ ᠤ ᠵᠠᠬ᠎ᠠ ᠶᠢᠨ ᠬᠢᠨᠠᠨ ᠬᠡᠮᠵᠢᠬᠦ ᠦᠷᠳᠡᠭᠡ ᠶᠢᠨ ᠡᠮᠨᠡᠯᠭᠡ ᠳᠤ ᠬᠡᠷᠡᠭᠯᠡᠬᠦ ᠡᠳ᠋ ᠪᠣᠳᠠᠰ ᠭᠦᠢᠴᠡᠳ ᠦᠭᠡᠢ ᠪᠠᠶᠢᠬᠤ ᠶᠢ ᠦᠵᠡᠭᠡᠳ᠂ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠨ ᠡᠳ᠋ ᠪᠣᠳᠠᠰ ᠢ ᠴᠤᠭᠯᠠᠭᠤᠯᠵᠤ᠂ 2 ᠰᠠᠷ᠎ᠠ ᠶᠢᠨ 21 ᠤ ᠡᠳᠦᠷ 4 ᠢᠵᠢ ᠬᠠᠮᠠᠭᠠᠯᠠᠯᠲᠠ ᠶᠢᠨ ᠬᠤᠪᠴᠠᠰᠤ᠂ 2 ᠵᠦᠢᠯ ᠤᠨ ᠠᠷᠢᠭᠤᠳᠬᠠᠯ ᠤᠨ ᠰᠫᠢᠷᠲ᠂ 600 ᠠᠮᠠᠪᠴᠢ᠂ 2 ᠬᠠᠶᠢᠷᠴᠠᠭ᠂ 10 ᠯᠣᠩᠬᠤ ᠭᠠᠷ ᠤᠬᠢᠶᠠᠬᠤ ᠰᠢᠩᠭᠡᠨ᠂ 6 ᠢᠵᠢ ᠥᠪᠡᠷᠲᠡᠭᠡᠨ ᠬᠠᠯᠠᠭᠠᠵᠤ ᠡᠪᠦᠳᠦᠭ ᠢ ᠬᠠᠮᠠᠭᠠᠯᠠᠬᠤ ᠬᠤᠪᠴᠠᠰᠤ ᠬᠠᠨᠳᠢᠪᠯᠠᠪᠠ᠃     ᠭᠦᠸᠧ ᠰᠢᠶᠠᠨ ᠤ ᠶᠣᠣ ᠲᠣᠰᠬᠤᠨ ᠤ ᠠᠷᠠᠳ ᠵᠠᠩ ᠵᠢᠶᠠᠨ ᠵᠢᠶᠦ᠋ᠨ ᠲᠣᠰᠬᠤᠨ ᠤ ᠵᠠᠬ᠎ᠠ ᠶᠢᠨ ᠬᠢᠨᠠᠨ ᠬᠡᠮᠵᠢᠬᠦ ᠥᠷᠲᠡᠭᠡᠨ ᠤ ᠠᠵᠢᠯᠲᠠᠳ ᠬᠡᠳᠦᠨ ᠡᠳᠦᠷ ᠳᠠᠷᠠᠭᠠᠯᠠᠨ 24 ᠴᠠᠭ ᠢᠶᠠᠷ ᠴᠡᠭ ᠲᠤ ᠰᠠᠭᠤᠨ ᠵᠢᠵᠢᠭᠦᠷᠯᠡᠵᠦ ᠪᠠᠶᠢᠬᠤ ᠶᠢᠨ ᠳᠡᠭᠡᠷ᠎ᠡ ᠠᠭᠤᠷ ᠠᠮᠢᠰᠬᠤᠯ ᠬᠠᠬᠢᠷ ᠬᠦᠢᠳᠡᠨ ᠪᠣᠯᠬᠤᠷ ᠬᠥᠮᠦᠨ ᠪᠦᠷᠢ ᠶᠢᠨ ᠠᠵᠢᠯ ᠤᠨ ᠡᠭᠦᠷᠭᠡ ᠶᠡᠭᠡ ᠪᠥᠭᠡᠳ ᠰᠠᠨᠠᠭᠠᠴᠢᠯᠠᠭ᠎ᠠ ᠠᠴᠠ ᠪᠠᠨ ᠲᠦᠭᠦᠮ ᠮᠢᠶᠠᠨᠲ᠋ᠢᠶᠣᠤᠷ᠂ ᠲᠠᠯᠬ᠎ᠠ᠂ ᠲᠠᠬᠢᠶᠠᠨ ᠥᠨᠳᠡᠭᠡ᠂ ᠤᠰᠤ ᠵᠡᠷᠭᠡ ᠠᠮᠢᠳᠤᠷᠠᠯ ᠤᠨ ᠡᠳ᠋ ᠪᠣᠳᠠᠰ ᠬᠦᠷᠭᠡᠵᠦ ᠢᠷᠡᠭᠰᠡᠨ ᠢ ᠣᠯᠵᠤ ᠦᠵᠡᠭᠡᠳ᠂ ᠤᠯᠠᠨ ᠢᠶᠠᠷ ᠢᠶᠠᠨ ᠳᠡᠪᠲᠦᠭᠡᠭᠰᠡᠨ ᠮᠢᠶᠠᠨᠲ᠋ᠢᠶᠣᠤᠷ ᠢ ᠢᠳᠡᠭᠰᠡᠨ ᠴᠦ ᠬᠠᠯᠠᠭᠤᠨ ᠰᠢᠭ᠋ ᠪᠠᠶᠢᠵᠤ᠂ ᠥᠪᠡᠷ ᠢᠶᠠᠨ ᠴᠢᠳᠠᠯ ᠤᠨ ᠢᠶᠠᠨ ᠬᠢᠷᠢ ᠪᠠᠷ ᠪᠠᠭ᠎ᠠ ᠰᠠᠭ᠎ᠠ ᠶᠠᠪᠤᠳᠠᠯ ᠢ ᠬᠢᠵᠦ ᠪᠠᠶᠢᠨ᠎ᠠ ᠭᠡᠪᠡ᠃      ᠸᠢᠷᠦ᠋ᠰ ᠲᠤ ᠬᠠᠶᠢᠷ᠎ᠠ ᠨᠠᠶᠢᠷ ᠦᠭᠡᠢ ᠬᠥᠮᠦᠰ ᠬᠠᠶᠢᠷ᠎ᠠ ᠰᠡᠳᠬᠢᠯᠭᠡ ᠲᠠᠢ ᠪᠠᠶᠢᠵᠤ᠂ ᠬᠠᠶᠢᠷ᠎ᠠ ᠬᠠᠯᠠᠮᠵᠢ ᠲᠠᠢ ᠬᠥᠮᠦᠰ ᠤᠨ ᠣᠷᠣᠯᠴᠠᠯᠭ᠎ᠠ ᠨᠢ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠴᠤᠭ ᠵᠢᠪᠬᠤᠭ᠎ᠠ ᠶᠢ ᠢᠯᠡᠷᠡᠭᠦᠯᠵᠦ᠂ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠵᠦ ᠬᠢᠵᠢᠭ ᠤᠨ ᠪᠠᠶᠢᠳᠠᠯ ᠢ ᠬᠤᠷᠢᠭᠯᠠᠨ ᠴᠣᠬᠢᠬᠤ ᠳᠠᠶᠢᠨ ᠳᠤ ᠢᠯᠠᠯᠲᠠ ᠤᠯᠬᠤ ᠢᠲᠡᠭᠡᠯ ᠵᠣᠷᠢᠭ ᠢ ᠤᠯᠠᠮ ᠨᠡᠮᠡᠭᠳᠡᠭᠦᠯᠦᠭᠰᠡᠨ ᠪᠠᠶᠢᠨ᠎ᠠ᠃                                       ᠨᠠᠶᠢᠷᠠᠭᠤᠯᠤᠭᠴᠢ᠄ ᠯᠢ ᠰᠢᠶᠤᠤ ᠵᠢᠤᠸᠠᠨ                                   ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2