ᠵᠢᠷᠭᠤᠳᠤᠭᠠᠷ ᠰᠤᠮᠤ ᠪᠠᠯᠭᠠᠰᠤ ᠣᠯᠠᠨ  ᠵᠤᠶᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠲᠣᠤᠷ︾ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2022/2/27
   ᠬᠥᠬᠡᠬᠤᠲᠠ ᠶᠢᠨ ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠵᠢᠷᠭᠤᠳᠤᠭᠠᠷ ᠰᠤᠮᠤ ᠪᠠᠯᠭᠠᠰᠤ ᠳᠡᠭᠡᠳᠦ ᠱᠠᠲᠤᠨ ᠤ ᠪᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠤᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠳᠠᠭᠠᠬᠤ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠦᠨ᠂ ᠢᠳᠡᠪᠬᠢᠲᠡᠶ ᠬᠥᠳᠡᠯᠦᠯᠴᠡᠵᠦ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠵᠠᠮ ᠢ ᠡᠷᠡᠰ ᠲᠡᠰᠦᠯᠵᠦ᠂ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠲᠡᠮᠦᠷ ᠬᠡᠷᠡᠮ ᠪᠣᠯᠣᠳ ᠬᠠᠨ᠎ᠠ ᠶᠢ ᠦᠨᠡᠨ ᠬᠦ ᠴᠣᠭᠴᠠᠯᠠᠨ ᠪᠠᠶᠢᠭᠤᠯᠵᠤ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠵᠤ ᠪᠠᠶᠢᠨ᠎ᠠ᠃    ᠨᠢᠭᠡ ᠳᠤ ᠴᠠᠭ ᠲᠤᠬᠠᠶ ᠳᠤᠨᠢ ᠬᠤᠷᠠᠯ ᠬᠤᠷᠠᠯᠳᠤᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠪᠡ᠃ ᠲᠤᠰ ᠡᠭᠡᠯᠵᠢ ᠶᠢᠨ ᠬᠢᠵᠢᠭ ᠤᠨ ᠪᠠᠶᠢᠳᠠᠯ ᠳᠡᠯᠭᠡᠷᠡᠭᠰᠡᠨ ᠠᠴᠠ ᠨᠠᠰᠢ᠂ ᠵᠢᠷᠭᠤᠭ᠎ᠠ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠳᠣᠬᠠᠨ ᠤ ᠬᠢᠵᠢᠭ ᠤᠨ ᠪᠠᠶᠢᠳᠠᠯ ᠤᠨ ᠪᠤᠳᠤᠯᠢᠶᠠᠨᠲᠤ ᠴᠢᠨᠠᠷ ᠪᠣᠯᠤᠨ ᠬᠦᠨᠳᠦ ᠬᠡᠴᠡᠭᠦᠦ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠰᠢᠨ᠎ᠡ ᠪᠠᠷ ᠢᠯᠡᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠪᠠᠭᠤᠷᠠᠢ ᠭᠤᠭᠴᠤᠭ᠎ᠠ ᠶᠢ ᠭᠤᠣᠯᠳᠠᠯᠭ᠎ᠠ ᠲᠠᠢ ᠡᠷᠢᠵᠦ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠪᠦᠬᠦ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠤ᠂ ᠲᠠᠬᠢᠨ ᠲᠤᠬᠢᠷᠠᠭᠤᠯᠵᠤ᠂ ᠡᠭᠦᠷᠭᠡ ᠶᠢ ᠲᠠᠬᠢᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠲᠠᠬᠢᠨ ᠪᠣᠳᠠᠲᠠᠶᠢᠵᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃    ᠪᠠᠭ ᠤᠨ ᠪᠦᠷᠢᠯᠳᠦᠬᠦᠨ ᠵᠢᠴᠢ ᠪᠠᠯᠭᠠᠰᠤ᠂ ᠲᠣᠰᠬᠤᠨ ᠬᠤᠶᠠᠷ ᠱᠠᠲᠤᠨ ᠤ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠳᠥᠷᠪᠡᠨ ᠡᠷᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠮᠠᠨ ᠤ ᠪᠠᠯᠭᠠᠰᠤᠨ ᠳᠤ ᠢᠷᠡᠭᠰᠡᠨ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠴᠠᠭ ᠮᠥᠴᠡ ᠶᠢ ᠠᠯᠳᠠᠯ ᠥᠬᠡᠶ ᠪᠠᠷ ᠭᠤᠤᠯᠳᠠᠯᠭ᠎ᠠ ᠲᠠᠢ ᠬᠥᠮᠦᠰ ᠲᠤ ᠪᠠᠶᠢᠴᠠᠭᠠᠪᠠᠰᠤ ᠵᠣᠬᠢᠬᠤ ᠶᠢ ᠨᠢ ᠴᠥᠮ ᠪᠠᠶᠢᠴᠠᠭᠠᠵᠤ᠂ ᠪᠠᠶᠢᠴᠠᠭᠠᠪᠠᠰᠤ ᠵᠣᠬᠢᠬᠤ ᠶᠢ ᠨᠢ ᠴᠥᠮ ᠪᠠᠶᠢᠴᠠᠭᠠᠵᠤ᠂ ᠲᠠᠰᠤᠯᠪᠠᠰᠤ ᠵᠣᠬᠢᠬᠤ ᠶᠢ ᠨᠢ ᠴᠥᠮ ᠰᠠᠯᠭᠠᠵᠤ᠂ ᠡᠴᠦᠰ ᠲᠤᠨᠢ ᠲᠤᠯᠲᠠᠯ᠎ᠠ ᠲᠣᠭᠠᠯᠠᠵᠤ᠂ ᠪᠠᠶᠢᠳᠠᠯ ᠢ ᠨᠢ ᠲᠣᠳᠣᠷᠬᠠᠶ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶ᠋ᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃     ᠬᠤᠶᠠᠷ ᠲᠤ᠂ ᠭᠤᠣᠯᠳᠠᠯᠭ᠎ᠠ ᠲᠠᠢ ᠣᠷᠣᠨ ᠪᠠᠶᠢᠷᠢ ᠶᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠣᠷᠣᠵᠤ ᠢᠷᠡᠬᠦ ᠶᠢ ᠴᠢᠩᠭ᠎ᠠ ᠰᠡᠷᠭᠡᠶᠢᠯᠡᠨ᠎ᠡ᠃ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠤᠨ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠪᠠᠶᠢᠳᠠᠯ ᠳᠤ ᠴᠢᠭᠯᠡᠭᠦᠯᠦᠨ᠂ ᠮᠠᠨ ᠤ ᠪᠠᠯᠭᠠᠰᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭᠠᠨ ᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠪᠥᠬᠦ ᠲᠠᠯ᠎ᠠ ᠪᠠᠷ ᠴᠢᠩᠭᠠᠷᠠᠭᠤᠯᠵᠤ᠂ ᠡᠯ᠎ᠡ‌ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠣᠷᠣᠵᠤ ᠢᠷᠡᠬᠦ ᠶᠢ ᠴᠢᠩᠭ᠎ᠠ ᠰᠡᠷᠭᠡᠶᠢᠯᠡᠪᠡ᠃ ᠪᠥᠬᠦ ᠪᠠᠯᠭᠠᠰᠤᠨ ᠤ ᠭᠤᠤᠯ ᠪᠣᠯᠬᠤ ᠵᠠᠮ ᠤᠨ ᠠᠭᠤᠯᠵᠠᠷ᠂ ᠵᠠᠩᠭᠢᠯᠠᠭ᠎ᠠ ᠶᠢᠨ ᠴᠢᠬᠤᠯᠠ ᠵᠠᠮ᠂ ᠵᠣᠯ ᠵᠢᠷᠭᠠᠯ ᠤᠨ ᠬᠦᠷᠢᠶᠡᠯᠡᠩ ᠵᠢᠴᠢ ᠡᠯ᠎ᠡ ᠲᠣᠰᠬᠤᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡ ᠪᠠᠶᠢᠭᠤᠯᠵᠤ᠂ ᠡᠯ᠎ᠡ ᠲᠣᠰᠬᠤᠨ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠨᠢᠭᠡ ᠴᠢᠬᠤᠯᠠ ᠪᠥᠬᠦᠶ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠦᠯᠡᠳᠡᠭᠡᠬᠦ ᠠᠴᠠ ᠭᠠᠳᠠᠨ᠎ᠠ᠂ ᠪᠤᠰᠤᠳ ᠵᠠᠮ ᠤᠨ ᠠᠭᠤᠯᠵᠠᠷ ᠢ ᠲᠣᠰᠬᠤᠨ ᠤ ᠠᠷᠠᠳ ᠥᠪᠡᠷ ᠢᠶᠠᠨ ᠵᠣᠬᠢᠶᠠᠨ ᠪᠠᠶᠢᠭᠤᠯᠵᠤ᠂ ᠪᠥᠬᠦ ᠲᠠᠯ᠎ᠠ ᠪᠠᠷ ᠪᠢᠲᠡᠭᠦᠮᠵᠢᠯᠡᠨ ᠬᠠᠭᠠᠵᠤ ᠬᠠᠮᠢᠶᠠᠷᠤᠨ ᠡᠵᠡᠮᠳᠡᠵᠦ᠂ ᠲᠣᠰᠬᠤᠨ ᠪᠣᠯᠤᠨ ᠲᠣᠰᠬᠤᠨ ᠤ ᠬᠤᠭᠤᠷᠣᠨᠳᠣ ᠰᠣᠯᠢᠯᠴᠠᠬᠤ ᠥᠬᠡᠶ᠂ ᠡᠷᠦᠬᠡ ᠪᠣᠯᠤᠨ ᠡᠷᠦᠬᠡ ᠶᠢᠨ ᠬᠤᠭᠤᠷᠣᠨᠳᠣ ᠶᠠᠪᠤᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠡᠯ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡ ᠳᠤ ᠡᠳᠦᠷ ᠪᠦᠷᠢ 24 ᠴᠠᠭ ᠤᠨ ᠵᠢᠵᠢᠭᠦᠷᠯᠡᠬᠦ ᠠᠵᠢᠯ ᠤᠨ ᠳᠦᠷᠢᠮ ᠪᠠ ᠤᠳᠤᠷᠢᠳᠤᠯᠭ᠎ᠠ ᠳᠠᠭᠠᠭᠤᠯᠬᠤ ᠳᠦᠷᠢᠮ ᠢ ᠬᠡᠷᠡᠭᠵᠢᠭᠦᠯᠵᠦ᠂ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ᠂ ᠬᠤᠷᠢᠭ᠎ᠠ ᠪᠠᠶᠢᠷᠢᠯᠠᠭᠤᠯᠬᠤ ᠭᠠᠵᠠᠷ ᠲᠤ ᠴᠢᠩᠭ᠎ᠠ ᠳᠡᠩᠰᠡᠯᠡᠨ ᠪᠠᠶᠢᠴᠠᠭᠠᠵᠤ᠂ ᠬᠠᠷᠢᠶᠠᠲᠤ ᠣᠷᠣᠨ ᠳᠤ ᠤᠷᠤᠭᠰᠠᠨ ᠬᠥᠮᠦᠨ ᠪᠦᠬᠦᠨ ᠠᠶᠠᠯᠠᠯ ᠤᠨ ᠨᠣᠮᠧᠷ᠂ ᠳᠤᠯᠠᠭᠠᠨ ᠤ ᠬᠡᠮᠵᠢᠯᠲᠡ ᠶᠢᠨ ᠮᠡᠳᠡᠭᠡ ᠵᠠᠩᠭᠢ ᠶᠢ ᠪᠠᠶᠢᠴᠠᠭᠠᠨ ᠰᠢᠯᠭᠠᠬᠤ ᠠᠴᠠ ᠭᠠᠳᠠᠨ᠎ᠠ ᠪᠠᠰᠠ ᠡᠷᠬᠡᠪᠰᠢ 48 ᠴᠠᠭ ᠤᠨ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠬᠠᠩᠭᠠᠵᠤ᠂ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠳᠤ ︽ᠨᠢᠭᠡ ᠲᠡᠷᠭᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠭᠠᠳᠠᠨ᠎ᠠ ᠠᠴᠠ ᠰᠡᠷᠭᠡᠶᠢᠯᠡᠬᠦ ᠶᠢᠨ ᠲᠡᠮᠦᠷ ᠬᠡᠷᠡᠮ ᠲᠡᠮᠦᠷ ᠬᠠᠨ᠎ᠠ ᠶᠢ ᠦᠨᠡᠨ ᠬᠦ ᠪᠠᠶᠢᠭᠤᠯᠬᠤ ᠬᠡᠷᠡᠭᠲᠡᠶ᠃    ᠭᠤᠷᠪᠠ ᠳᠤ᠂ ᠭᠤᠣᠯᠳᠠᠯᠭ᠎ᠠ ᠲᠠᠢ ᠬᠥᠮᠦᠰ ᠤᠨ ᠪᠠᠶᠢᠳᠠᠯ ᠢ ᠣᠶᠢᠯᠠᠭᠠᠬᠤ ᠭᠠᠳᠠᠭᠤᠷᠴᠢᠯᠠᠬᠤ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠵᠢᠷᠭᠤᠭ᠎ᠠ ᠰᠤᠮᠤ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠣᠰᠬᠤᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠱᠠᠲᠤ ᠱᠠᠲᠤ ᠪᠠᠷ ᠳᠠᠷᠤᠯᠲᠠ ᠳᠤ ᠳᠠᠮᠵᠢᠭᠤᠯᠵᠤ᠂ ᠭᠠᠳᠠᠨ᠎ᠠ ᠠᠴᠠ ᠢᠷᠡᠭᠰᠡᠨ ᠬᠥᠮᠦᠰ ᠢ ᠪᠦᠷᠢᠳᠬᠡᠨ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠢᠯᠠᠩᠭᠤᠶ᠎ᠠ ᠬᠥᠬᠡᠬᠤᠲᠠ᠂ ᠪᠤᠭᠤᠲᠤ ᠪᠣᠯᠤᠨ ᠮᠠᠨᠵᠤᠤᠷ ᠲᠤ ᠰᠠᠭᠤᠭ᠎ᠠ ᠲᠡᠦᠬᠡ ᠲᠠᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠨᠠᠷᠢᠨ ᠬᠢᠨᠠᠮᠠᠭᠠᠶ ᠰᠠᠶᠢᠲᠤᠷ ᠬᠢᠵᠦ᠂ ᠭᠤᠣᠯᠳᠠᠯᠭ᠎ᠠ ᠨᠢ 2 ᠰᠠᠷ᠎ᠠ ᠶᠢᠨ 1 ᠤ ᠡᠳᠦᠷ ᠠᠴᠠ ᠨᠠᠰᠢ ᠬᠥᠬᠡᠬᠤᠲᠠ᠂ ᠪᠤᠭᠤᠲᠤ ᠬᠤᠲᠠ᠂ ᠮᠠᠨᠵᠤᠤᠷ ᠬᠤᠲᠠ ᠳᠤ ᠰᠠᠭᠤᠭᠰᠠᠨ ᠲᠡᠦᠬᠡ ᠲᠠᠢ ᠪᠠᠯᠭᠠᠰᠤᠨ ᠳᠠᠭᠠᠨ ᠪᠤᠴᠠᠭᠰᠠᠨ ᠬᠥᠮᠦᠰ ᠪᠣᠯᠤᠨ᠎ᠠ᠂ ᠡᠭᠦᠨ ᠤ ᠭᠤᠣᠯᠳᠠᠯᠭ᠎ᠠ ᠨᠢ 2 ᠰᠠᠷ᠎ᠠ ᠶᠢᠨ 1 ᠤ ᠡᠳᠦᠷ ᠠᠴᠠ ᠨᠠᠰᠢ ᠬᠥᠬᠡᠬᠤᠲᠠ᠂ ᠪᠤᠭᠤᠲᠤ ᠬᠤᠲᠠ᠂ ᠮᠠᠨᠵᠤᠤᠷ ᠬᠤᠲᠠ ᠳᠤ ᠨᠤᠲᠤᠭᠰᠢᠨ ᠰᠠᠭᠤᠭᠰᠠᠨ ᠲᠡᠦᠬᠡ ᠲᠠᠢ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠤᠷᠤᠰᠬᠠᠨ ᠲᠣᠬᠢᠷᠠᠭᠤᠯᠬᠤ ᠶᠢ ᠵᠢᠭᠰᠠᠭᠠᠨ ᠪᠠᠶᠢᠴᠠᠭᠠᠬᠤ ᠪᠠ ᠲᠤᠰᠠᠭᠠᠷᠯᠠᠨ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠪᠦᠷᠢ‌ᠨᠢᠭᠡ ᠡᠭᠡᠯᠵᠢ ᠶᠢᠨ ᠬᠥᠳᠡᠯᠦᠩᠭᠦᠶ ᠪᠠᠷ ᠪᠠᠶᠢᠴᠠᠭᠠᠨ ᠰᠢᠯᠭᠠᠬᠤ ᠶᠢ ᠥᠷᠨᠢᠭᠦᠯᠬᠦ ᠶᠢᠨ ᠬᠠᠮᠲᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠲᠤᠰᠠᠭᠠᠷᠯᠠᠨ ᠬᠠᠮᠢᠶᠠᠷᠤᠨ ᠡᠵᠡᠮᠳᠡᠬᠦ ᠵᠡᠷᠭᠡ ᠠᠵᠢᠯ ᠯᠤᠭ᠎ᠠ ᠵᠣᠯᠭᠠᠭᠤᠯᠬᠤ ᠶᠢ ᠰᠠᠶᠢᠲᠤᠷ ᠬᠢᠵᠦ᠂ ᠪᠠᠶᠢᠴᠠᠭᠠᠨ ᠰᠢᠯᠭᠠᠪᠠᠰᠤ ᠵᠣᠬᠢᠬᠤ ᠶᠢ ᠨᠢ ᠴᠥᠮ ᠪᠠᠶᠢᠴᠠᠭᠠᠨ ᠰᠢᠯᠭᠠᠵᠤ᠂ ᠲᠤᠰᠠᠭᠠᠷᠯᠠᠪᠠᠯ ᠵᠣᠬᠢᠬᠤ ᠶᠢ ᠨᠢ ᠴᠥᠮ ᠲᠤᠰᠠᠭᠠᠷᠯᠠᠵᠤ᠂ ᠬᠢᠨᠠᠨ ᠰᠢᠯᠭᠠᠪᠠᠰᠤ ᠵᠣᠬᠢᠬᠤ ᠶᠢ ᠨᠢ ᠴᠥᠮ ᠬᠢᠨᠠᠨ ᠰᠢᠯᠭᠠᠬᠤ ᠶᠢ ᠦᠨᠡᠨᠬᠦ ᠪᠠᠲᠤᠯᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠡᠶᠡᠯᠡᠭᠦᠯᠵᠦ᠂ ᠲᠣᠰ ᠲᠣᠰ ᠲᠤᠨᠢ ᠡᠬᠡ ᠲᠠᠩᠰᠠ ᠪᠠᠶᠢᠭᠤᠯᠬᠤ ᠶᠢᠨ ᠬᠠᠮᠲᠤ᠂ ᠬᠠᠮᠤᠭ ᠤᠨ ᠲᠡᠷᠢᠭᠦᠨ ᠳᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃    ᠡᠭᠦᠨ ᠤ ᠬᠠᠮᠲᠤ᠂ ᠬᠠᠷᠢᠶᠠᠲᠤ ᠣᠷᠣᠨ ᠤ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠵᠣᠴᠢᠳ ᠤᠨ ᠪᠠᠭᠤᠳᠠᠯ ᠵᠡᠷᠭᠡ ᠬᠥᠮᠦᠨ ᠠᠮᠠ ᠨᠢᠭᠲᠠᠷᠠᠨ ᠲᠥᠪᠯᠡᠷᠡᠭᠰᠡᠨ ᠭᠠᠵᠠᠷ ᠣᠷᠣᠨ ᠤ ᠪᠥᠬᠦ ᠰᠠᠭᠤᠭᠠᠯᠢ ᠡᠷᠦᠬᠡ ᠳᠤ ᠬᠡᠪᠢᠰ ᠤᠨ ᠬᠡᠯᠪᠡᠷᠢ ᠪᠠᠷ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠡᠮᠬᠢᠯᠡᠨ ᠳᠢᠭᠯᠡᠵᠦ᠂ ᠭᠠᠳᠠᠨ᠎ᠠ ᠠᠴᠠ ᠢᠷᠡᠭᠰᠡᠨ ᠬᠥᠮᠦᠰ ᠪᠠ ᠨᠤᠲᠤᠭ ᠲᠠᠭᠠᠨ ᠪᠤᠴᠠᠭᠰᠠᠳ ᠤᠨ ᠮᠡᠳᠡᠭᠡ ᠵᠠᠩᠭᠢ ᠶᠢ ᠮᠡᠳᠡᠪᠡᠰᠦ ᠵᠣᠬᠢᠬᠤ ᠶᠢ ᠨᠢ ᠪᠦᠬᠦᠨ ᠢ ᠮᠡᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠤ ᠢᠷᠡᠬᠦ ︵ᠪᠤᠴᠠᠬᠤ︶ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠨ᠂ ᠬᠠᠷᠢᠶ᠎ᠠ ᠭᠠᠵᠠᠷ ᠤᠨ ᠨᠢᠭᠡᠳᠦᠯᠲᠡᠶ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃    ᠣᠲᠣ ᠪᠣᠯᠲᠠᠯ᠎ᠠ᠂ ᠨᠡᠶᠢᠲᠡ 4 ᠬᠥᠮᠦᠨ ᠳᠤ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ 8 ᠬᠥᠮᠦᠨ ᠳᠤ ᠬᠡᠷ ᠲᠤᠨᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ 2 ᠰᠠᠷ᠎ᠠ ᠶᠢᠨ 1 ᠤ ᠡᠳᠦᠷ ᠠᠴᠠ ᠨᠠᠰᠢᠬᠢ ᠬᠥᠬᠡᠬᠤᠲᠠ᠂ ᠪᠤᠭᠤᠲᠤ ᠬᠤᠲᠠ ᠶᠢᠨ ᠰᠠᠭᠤᠭᠠᠯᠢ ᠠᠷᠠᠳ ᠤᠨ ᠲᠡᠤᠬᠡ ᠲᠠᠢ ᠪᠠᠯᠭᠠᠰᠤᠨ ᠳᠤ ᠪᠤᠴᠠᠭᠰᠠᠨ 343 ᠬᠥᠮᠦᠨ ᠢ‌‍ᠲ᠋ᠠᠷᠠᠭᠠᠯᠠᠨ ᠪᠠᠶᠢᠴᠠᠭᠠᠵᠤ ᠭᠠᠷᠭᠠᠭᠠᠳ᠂ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠦᠨᠡᠨ ᠬᠦ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠣᠯᠤᠭᠰᠠᠨ ᠪᠠᠶᠢᠨ᠎ᠠ᠃    ᠲᠦᠷᠪᠡ ᠳᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠵᠢᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠵᠢᠷᠭᠤᠳᠤᠭᠠᠷ ᠰᠤᠮᠤ ᠪᠠᠯᠭᠠᠰᠤ ᠪᠥᠬᠦ ᠠᠷᠠᠳ ᠢᠶᠠᠷ ᠢᠶᠠᠨ ᠳᠠᠶᠢᠴᠢᠯᠠᠬᠤ᠂ ᠪᠥᠬᠦ ᠠᠷᠠᠳ ᠢᠶᠠᠷ ᠢᠶᠠᠨ ᠴᠡᠷᠢᠭ ᠪᠣᠯᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠪᠠᠷᠢᠮᠲᠠᠯᠠᠵᠤ᠂ ᠪᠠᠯᠭᠠᠰᠤ᠂ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠪᠠᠶᠢᠭᠠᠳ ᠸᠢᠴᠠᠲ ᠤᠨ ᠪᠦᠯᠦᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠮᠡᠳᠡᠯᠭᠡ ᠶᠢ ᠶᠡᠭᠡ ᠬᠡᠮᠵᠢᠶ᠎ᠡ ᠪᠠᠷ ᠤᠯᠠᠮᠵᠢᠯᠠᠨ ᠲᠠᠷᠬᠠᠭᠠᠵᠤ᠂ ᠭᠤᠤᠯ ᠪᠣᠯᠬᠤ ᠵᠠᠮ ᠤᠨ ᠠᠭᠤᠯᠵᠠᠷ᠂ ᠡᠯ᠎ᠡ ᠲᠣᠰᠬᠤᠨ ᠤ ᠴᠢᠬᠤᠯᠠ ᠪᠠᠶᠢᠷᠢᠨ ᠳᠤ ᠬᠥᠨᠳᠡᠯᠡᠨ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ ᠨᠠᠭᠠᠪᠠ᠃ ᠡᠭᠦᠨ ᠤ ᠬᠠᠮᠲᠤ᠂ ᠲᠣᠰᠬᠤᠨ ᠪᠣᠯᠭᠠᠨ ᠤ ᠪᠦᠷᠢᠶ᠎ᠡ ᠶᠢ ᠠᠰᠢᠭᠯᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 7 ᠳ᠋ᠤᠭᠠᠷ᠂ 8 ᠳ᠋ᠤᠭᠠᠷ᠂ 9 ᠳ᠋ᠦᠭᠡᠷ ᠠᠯᠪᠠᠨ ᠵᠠᠷ ᠵᠢᠴᠢ ᠬᠤᠯᠪᠣᠭᠳᠠᠯ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠠᠰᠤᠷᠠᠯᠲᠠ ᠦᠭᠡᠶ ᠨᠡᠪᠲᠡᠷᠡᠭᠦᠯᠵᠦ᠂ ᠣᠯᠠᠨ ᠲᠦᠮᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠶ ᠴᠢᠨᠠᠷ ᠨᠠᠷᠢᠨ ᠪᠤᠳᠤᠯᠢᠶᠠᠨᠲᠤ ᠴᠢᠨᠠᠷ ᠢ ᠥᠷᠭᠡᠨ ᠢᠶᠠᠷ ᠮᠡᠳᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠶ᠋ᠴᠡᠳᠬᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨᠬᠦ ᠪᠣᠶ ᠪᠣᠯᠭᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠭᠤᠤᠯ ᠵᠢᠭᠰᠠᠭᠠᠯ ᠤᠨ ᠭᠠᠵᠠᠷ ᠢ ᠡᠵᠡᠯᠡᠨ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠶᠢᠨ ᠢ ᠰᠠᠶᠢᠲᠤᠷ ᠬᠢᠬᠦ ᠬᠡᠷᠡᠭᠲᠡᠶ᠃                                    ᠨᠠᠶᠢᠷᠠᠭᠤᠯᠤᠭᠴᠢ᠄ ᠯᠢ ᠰᠢᠶᠤᠤ ᠵᠢᠤᠸᠠᠨ                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2