ᠬᠤᠩ ᠮᠤᠤ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠪᠠ
ᠨᠡᠶᠢᠲᠡᠯᠡᠭᠰᠡᠨ ᠴᠠᠭ᠄
2022/2/7
   ᠤᠢᠢᠷ᠎ᠠ ᠶᠢᠨ ᠵᠢᠯ ᠠᠴᠠ᠂ ᠬᠤᠩ ᠮᠤᠤ ᠪᠠᠯᠭᠠᠰᠤᠨ ᠤ ᠨᠠᠮ ᠤᠨ ᠬᠤᠷᠢᠶ᠎ᠠ᠂  ᠂ ᠵᠠᠰᠠᠭ ᠤᠨ ᠣᠷᠳᠣᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠤᠳᠤᠷᠢᠳᠤᠯᠭ᠎ᠠ ᠴᠢᠬᠤᠯᠠᠴᠢᠯᠠᠬᠤ᠂ ᠳᠡᠭᠡᠳᠦ ᠲᠤᠤᠷᠠᠳᠤ ᠱᠠᠳᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠵᠡᠢ᠃
     ᠨᠢᠭᠡ ᠳᠤ᠂ ᠪᠠᠯᠭᠠᠰᠤᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠶᠤᠯᠭᠦᠶ ᠦᠢᠯᠡᠳᠪᠦᠷᠢᠯᠡᠯ ᠢ ᠠᠳᠬᠤᠪᠠ ᠠᠶᠤᠯᠭᠦᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ︾ ᠲᠦᠷᠢᠮ ᠢ ᠨᠡᠯᠢᠶᠡᠳ ᠰᠠᠶᠢᠨ ᠨᠠᠶᠢᠳᠠᠪᠤᠷᠢᠵᠢᠭᠤᠯᠤᠭᠰᠠᠨ ᠤ ᠬᠠᠮᠲᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠯᠡᠳᠲᠡ ᠦᠷ᠎ᠡ ᠪᠦᠲᠦᠮᠵᠢ ᠲᠠᠢ ᠪᠣᠯᠭᠠᠵᠠᠢ᠃
        ᠬᠤᠶᠠᠷ ᠲᠤ᠂ ᠬᠤᠩ ᠮᠤᠤ ᠪᠠᠯᠭᠠᠰᠤᠨ ᠤ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠲᠤᠰᠬᠠᠢ ᠠᠵᠢᠯ ᠤᠨ ᠪᠠᠶᠢᠭᠤᠯᠤᠮᠵᠢ ᠶᠢ ᠪᠠᠶᠢᠭᠤᠯᠤᠨ᠎ᠠ᠃ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠦᠷᠳᠡᠭᠡ ᠬᠠᠮᠢᠶ᠎ᠠ ᠪᠦᠬᠦᠢ ᠠᠵᠢᠯ ᠤᠨ ᠲᠦᠷᠢᠮ ᠪᠣᠯᠤᠨ ᠬᠡᠮ ᠰᠣᠭᠤᠭ ᠢ ᠪᠠᠶᠢᠴᠠᠭᠠᠬᠤ ᠠᠵᠢᠯ ᠤᠨ ᠡᠬᠡ ᠳᠠᠩᠰᠠ ᠶᠢ ᠲᠣᠭᠲᠠᠭᠠᠵᠤ᠂ ᠡᠯ᠎ᠡ ᠲᠣᠰᠬᠤᠨ ᠤ ᠰᠠᠭᠤᠭᠠᠯᠢ ᠠᠷᠠᠳ ᠲᠤ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠦᠨᠳᠦᠰᠦᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠦᠯᠵᠢᠶᠡᠨ ᠤ  ᠰᠢᠰᠲ᠋ᠧᠮ ᠢ ᠨᠡᠯᠢᠶᠡᠳ ᠰᠠᠶᠢᠨ ᠪᠠᠶᠢᠭᠤᠯᠵᠠᠢ᠃
        ᠭᠤᠷᠪᠠ ᠳᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃       ᠨᠢᠭᠡ ᠳᠤ  ᠂ ᠰᠢᠲᠠᠬᠤ ᠶᠢ ᠴᠠᠭᠠᠵᠠᠯᠠᠬᠤ ᠪᠠ ᠰᠠᠴᠤᠷᠠᠭᠤᠯᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠬᠢᠨᠠᠮᠠᠭᠠᠶ ᠥᠷᠨᠢᠭᠦᠯᠦᠨ᠎ᠡ᠃ ︽ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠣᠷᠣᠨ ᠪᠦᠰᠡ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ︾ ᠤᠨ ᠤᠷᠢᠶᠠᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠪᠣᠯᠪᠠᠰᠤᠨ᠂ ᠨᠡᠭᠦᠷᠡᠰᠦᠲᠥ᠋ᠷᠥᠭᠴᠢ ᠪᠠᠭ᠎ᠠ᠂ ᠪᠣᠬᠢᠷᠲᠤᠯ ᠦᠭᠡᠢ᠂ ᠣᠷᠴᠢᠨ ᠠᠬᠤᠶ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠶᠡᠭᠡ ᠪᠠᠷ ᠰᠠᠨᠠᠭᠠᠴᠢᠯᠠᠵᠤ᠂ 1 ᠰᠠᠷ᠎ᠠ ᠶᠢᠨ 19 ᠤ ᠡᠳᠦᠷ ᠠᠴᠠ ᠡᠬᠢᠯᠡᠨ᠂ ᠪᠠᠯᠭᠠᠰᠤ ᠠᠴᠠ 3 ᠤᠬᠠᠭᠤᠯᠬᠤ ᠲᠡᠷᠭᠡ ᠬᠥᠳᠡᠯᠭᠡᠨ ᠵᠡᠭᠡᠯᠢ ᠭᠤᠳᠤᠮᠵᠢ᠂ ᠵᠢᠵᠢᠭ ᠲᠣᠭᠤᠷᠢᠭ᠂ ᠠᠭᠤᠳᠠᠮ ᠲᠠᠯᠠᠪᠠᠢ ᠳᠤ ᠲᠠᠰᠤᠯᠳᠠᠭᠤᠯᠤᠨ ᠤᠬᠠᠭᠤᠯᠵᠤ᠂ 26 ᠲᠣᠰᠬᠤᠨ ᠤ ᠰᠠᠭᠤᠭᠠᠯᠢ ᠠᠷᠠᠳ ᠤᠨ ᠵᠥᠪᠯᠡᠯ ᠬᠠᠷᠢᠶᠠᠲᠤ ᠲᠣᠭᠤᠷᠢᠭ ᠤᠨ ᠢᠶᠠᠨ ᠵᠢᠵᠢᠭ ᠲᠣᠭᠤᠷᠢᠭ ᠲᠤ ︽ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠰᠠᠨᠠᠭᠠᠴᠢᠯᠠᠭ᠎ᠠ ᠶᠢᠨ ᠪᠢᠴᠢᠭ︾ ᠤᠨ ᠤᠬᠠᠭᠤᠯᠬᠤ ᠬᠠᠭᠤᠳᠠᠰᠤ ᠶᠢ 8000 ᠭᠠᠷᠤᠶ ᠬᠤᠪᠢ ᠲᠠᠷᠬᠠᠭᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃      ᠬᠤᠶᠠᠷ ᠲᠤ  ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠪᠦᠯᠬᠦᠮ ᠳᠠᠭᠠᠭᠤᠯᠵᠤ᠂ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ ᠬᠠᠷᠢᠶ᠎ᠠ ᠲᠣᠭᠤᠷᠢᠭ ᠤᠨ ᠳᠣᠲᠣᠷᠠᠬᠢ ᠪᠠᠭ᠎ᠠ ᠲᠣᠭᠤᠷᠢᠭ ᠤᠨ ᠠᠰᠠᠷ ᠤᠨ ᠵᠠᠮ ᠳᠤ ︽ᠨᠢᠰᠬᠦ ᠱᠤᠭᠤᠮ ᠢᠶᠠᠷ ᠴᠠᠬᠢᠯᠭᠠᠨ ᠴᠡᠨᠡᠭᠯᠡᠬᠦ︾᠂ ᠰᠢᠲᠠᠮᠠᠬᠠᠢ ᠬᠡᠢ ᠶᠢᠨ ᠬᠤᠭᠤᠯᠠᠢ᠂ ᠠᠶᠤᠯᠲᠠᠢ ᠬᠢᠮᠢ ᠶᠢᠨ ᠪᠣᠳᠠᠰ ᠵᠡᠷᠭᠡ ᠬᠦᠷᠢᠶᠡᠨ ᠳᠤ ᠬᠠᠮᠲᠤᠷᠠᠭᠰᠠᠨ ᠪᠠᠶᠢᠴᠠᠭᠠᠯᠲᠠ ᠥᠷᠨᠢᠭᠦᠯᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠪᠣᠯᠤᠨ ᠠᠮᠤᠷ ᠲᠦᠪᠰᠢᠨ ᠤ ᠬᠡᠮ ᠰᠣᠭᠤᠭ ᠲᠤ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠥᠭᠴᠦ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠰᠠᠭᠤᠳᠠᠯ ᠪᠣᠯᠤᠨ ᠭᠡᠮ ᠰᠣᠭᠤᠭ ᠢ ᠲᠦᠢᠯᠪᠤᠷᠢᠲᠠᠢ ᠠᠷᠢᠯᠭᠠᠬᠤ ᠶᠢ ᠱᠠᠭᠠᠷᠳᠠᠵᠠᠢ᠃
         ᠭᠤᠷᠪᠠ ᠳᠤ᠂  ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠡᠯ᠎ᠡ ᠲᠣᠰᠬᠤᠨ ︵ᠰᠠᠭᠤᠭᠠᠯᠢ ᠠᠷᠠᠳ︶ ᠤ ᠵᠥᠪᠯᠡᠯ ᠵᠢᠴᠢ ᠬᠠᠮᠢᠶ᠎ᠠ ᠪᠥᠬᠦᠶ ᠨᠢᠭᠡᠴᠡ ᠶᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠵᠢᠭᠦᠷᠯᠡᠨ ᠰᠠᠬᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠶᠢᠨ ᠬᠡᠷᠡᠭ ᠶᠠᠪᠤᠳᠠᠯ ᠲᠣᠬᠢᠶᠠᠯᠳᠤᠪᠠᠯ ᠲᠡᠷᠡ ᠳᠠᠷᠤᠶ ᠳᠤᠨᠢ ᠬᠠᠷᠢᠭᠤ ᠲᠤᠰᠬᠠᠬᠤ ᠶᠢ ᠳᠠᠭᠠᠵᠤ᠂ ᠲᠦᠷᠭᠡᠨ ᠪᠥᠭᠡᠳ ᠥᠨᠳᠥᠷ ᠪᠦᠲᠦᠮᠵᠢᠲᠡᠶ ᠰᠢᠢᠳᠪᠤᠷᠢᠯᠡᠬᠦ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃                       ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ                       ᠨᠠᠶᠢᠷᠠᠭᠤᠯᠤᠭᠴᠢ᠄ ᠶᠠᠩ ᠷᠦᠢ ᠵᠧᠨ                       ᠤᠷᠴᠢᠭᠤᠯᠤᠭᠴᠢ᠄ ᠪᠠᠶᠠᠷᠯᠠᠬᠤ    
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2