ᠵᠧᠩ ᠳ᠋ᠦᠩ ᠫᠢᠩ ᠡᠪᠦᠯ ᠤᠨ ᠤᠯᠢᠮᠫᠢᠺ  ᠤᠨ ᠬᠤᠭᠤᠴᠠᠭᠠᠨ ᠳᠠᠬᠢ ᠮᠠᠨ ᠤ ᠰᠢᠶᠠᠨ ᠤ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/7
  2 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠧᠩ ᠳ᠋ᠦᠩ ᠫᠢᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠪᠦᠯ ᠤᠨ  ᠤᠯᠢᠮᠫᠢᠺ ᠤᠨ ᠬᠤᠭᠤᠴᠠᠭᠠᠨ ᠳᠠᠬᠢ ᠮᠠᠨ ᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠢᠶᠠᠨ ᠤ ᠳᠠᠷᠤᠭ᠎ᠠ ᠶᠢᠨ ᠬᠠᠮᠢᠶ᠎ᠠ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
          ᠬᠤᠷᠠᠯ ᠠᠴᠠ ᠵᠢᠭᠠᠵᠤ ᠭᠠᠷᠭᠠᠭᠰᠠᠨ ᠨᠢ᠂  ᠬᠤᠳᠠ ᠶᠢᠨ ᠵᠠᠰᠠᠭ ᠤᠨ ᠣᠷᠳᠣᠨ ᠡᠪᠦᠯ ᠤᠨ ᠤᠯᠢᠮᠫᠢᠺ  ᠤᠨ  ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠢ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠵᠤ ᠡᠯ᠎ᠡ ᠵᠦᠢᠯ ᠤᠨ ᠠᠵᠢᠯ ᠤᠨ ᠪᠠᠶᠢᠳᠠᠯ   ᠂ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠲᠠ ᠶᠢᠨ ᠵᠠᠰᠠᠭ ᠤᠨ ᠣᠷᠳᠣᠨ ᠤ ᠠᠯᠢ ᠤᠯᠠᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠡᠪᠦᠯ ᠤᠨ ᠤᠯᠢᠮᠫᠢᠺ  ᠤᠨ  ᠬᠤᠭᠤᠴᠠᠭᠠᠨ ᠳᠠᠬᠢ ᠮᠠᠨ ᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠯᠠᠨ ᠲᠦᠮᠡᠨ ᠤ ᠵᠥᠷᠢᠴᠡᠯ ᠭᠤᠮᠣᠳᠠᠯ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃
        ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠯᠪᠡᠷᠢ ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠂ ᠡᠭᠦᠨ ᠤ ᠳᠡᠭᠡᠷ᠎ᠡ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠬᠥᠮᠦᠰ ᠤᠨ ᠰᠢᠯᠵᠢᠯᠲᠡ ᠶᠡᠭᠡ ᠪᠠᠶᠢᠬᠤ ᠣᠨᠴᠠᠯᠢᠭ ᠢ ᠨᠡᠮᠡᠪᠡᠯ᠂ ᠵᠣᠴᠢᠳ ᠤᠨ ᠪᠠᠭᠤᠳᠠᠯ᠂ ᠲᠡᠷᠭᠡᠨ ᠦᠷᠳᠡᠭᠡ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠬᠥᠮᠦᠨ ᠤᠯᠠᠨ ᠪᠠᠶᠢᠳᠠᠭ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠶᠢᠨ ᠡᠷᠴᠢᠮ ᠢ ᠦᠨᠡᠨ ᠬᠦ ᠴᠢᠩᠭᠠᠷᠠᠭᠤᠯᠵᠤ᠂ ᠮᠠᠨ ᠤ ᠰᠢᠶᠠᠨ ᠤ ᠭᠤᠣᠯᠳᠠᠯᠭ᠎ᠠ ᠲᠠᠢ ᠵᠠᠮ ᠤᠨ ᠬᠡᠰᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠴᠠᠭᠠᠬᠤ ᠦᠷᠳᠡᠭᠡ ᠳᠤ ᠬᠦᠷᠬᠦ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠴᠠᠭᠠᠯᠲᠠ ᠶᠢᠨ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠶ᠃ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠥᠷᠪᠡᠨ ᠡᠷᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠰᠢᠶᠠᠨ ᠳᠤ ᠢᠷᠡᠭᠰᠡᠨ ᠬᠥᠮᠦᠰ ᠢ ᠬᠠᠮᠢᠶᠠᠷᠤᠨ ᠡᠵᠡᠮᠳᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠦᠰ ᠤᠨ ᠬᠢᠵᠢᠭ ᠢ ᠰᠡᠷᠭᠡᠶᠢᠯᠡᠬᠦ ᠡᠯ᠎ᠡ  ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠮᠠᠨ ᠤ ᠰᠢᠶᠠᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ  ᠤᠯᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂  ᠬᠤᠸᠠᠷ ᠫᠤᠤᠵᠢᠩ ᠨᠣᠴᠣᠬᠤ ᠶᠢ ᠴᠠᠭᠠᠵᠠᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠭᠦᠷᠭᠡ ᠶᠢᠨ ᠪᠠᠶᠢᠷᠢᠯᠠᠭᠤᠯᠤᠯᠲᠠ ᠶᠢ ᠳᠠᠰᠤᠷᠠᠯᠳᠠ ᠦᠭᠡᠢ ᠨᠠᠷᠢᠯᠢᠬᠵᠢᠭᠤᠯᠵᠤ᠂ ᠤᠬᠠᠭᠤᠯᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠲᠧᠯᠸᠢᠰ ᠬᠤᠷᠢᠶ᠎ᠠ᠂ ᠰᠢᠨ᠎ᠡ ᠵᠠᠭᠤᠴᠢᠯᠠᠭᠤᠷ᠂ ᠬᠥᠳᠡᠭᠡ ᠲᠣᠰᠬᠤᠨ ᠤ  ᠬᠦᠷᠢᠶ᠎ᠡ ᠳᠤ ᠬᠤᠸᠠᠷ ᠫᠤᠤᠵᠢᠩ ᠨᠣᠴᠣᠬᠤ ᠶᠢ ᠴᠠᠭᠠᠵᠠᠯᠠᠬᠤ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠬᠤᠸᠠᠷ ᠫᠤᠤᠵᠢᠩ ᠨᠣᠴᠣᠬᠤ ᠶᠢ ᠴᠠᠭᠠᠵᠠᠯᠠᠬᠤ ᠶᠢ ᠳᠠᠶᠠᠭᠠᠷ ᠲᠤ ᠮᠡᠳᠡᠭᠦᠯᠵᠦ᠂ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠢ᠃ ᠨᠢᠭᠡᠴᠡ ᠶᠢᠨ ᠳᠠᠭᠠᠭᠠᠴᠢᠯᠠᠨ ᠬᠤᠯᠪᠣᠭᠠᠯᠠᠭᠰᠠᠨ ᠪᠠᠭ᠎ᠠ ᠲᠣᠭᠤᠷᠢᠭ ᠤᠨ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ ᠪᠠᠶᠠᠷ ᠤᠨ ᠡᠳᠦᠷ ᠤᠨ ᠬᠤᠭᠤᠴᠠᠭᠠᠨ ᠳᠠᠬᠢ ᠤᠳᠤᠷᠢᠳᠤᠯᠭ᠎ᠠ ᠡᠭᠡᠯᠵᠢ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠳᠠᠭᠠᠭᠠᠴᠢᠯᠠᠨ ᠬᠤᠯᠪᠣᠭᠠᠯᠠᠭᠰᠠᠨ ᠺᠠᠳ᠋ᠷ ᠪᠠᠭ᠎ᠠ ᠲᠣᠭᠤᠷᠢᠭ ᠤᠨ ᠰᠠᠭᠤᠭᠠᠯᠢ ᠡᠷᠦᠬᠡ ᠶᠢᠨ ᠬᠡᠷ ᠲᠤ ᠭᠦᠨᠵᠡᠭᠡᠶᠢᠷᠡᠵᠦ᠂ ᠬᠤᠸᠠᠷ ᠫᠤᠤᠵᠢᠩ ᠨᠣᠴᠣᠬᠤ ᠶᠢ ᠴᠠᠭᠠᠵᠠᠯᠠᠬᠤ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠰᠠᠭᠤᠭᠠᠯᠢ ᠡᠷᠦᠬᠡ ᠲᠠᠢ ᠬᠤᠸᠠᠷ ᠫᠤᠤᠵᠢᠩ ᠨᠣᠴᠣᠬᠤ ᠶᠢ ᠴᠠᠭᠠᠵᠠᠯᠠᠬᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠬᠡᠷᠡᠭᠲᠡᠶ᠃ ᠭᠠᠴᠠᠭᠠᠨ ᠤ ᠠᠷᠠᠳ ᠤᠨ ᠵᠥᠪᠯᠡᠯ ᠤᠨ ᠬᠤᠸᠠᠷ ᠫᠤᠤᠵᠢᠩ ᠨᠣᠴᠣᠭᠠᠬᠤ ᠶᠢ ᠴᠠᠭᠠᠵᠠᠯᠠᠬᠤ ᠪᠠ ᠡᠰᠢ ᠰᠦᠷᠡᠯ ᠢ ᠰᠢᠲᠠᠭᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠭᠰᠠᠨ ᠪᠠ ᠳᠤᠷ᠎ᠠ ᠪᠠᠷ ᠢᠶᠠᠨ ᠡᠰᠢ ᠰᠦᠷᠡᠯ ᠢ ᠰᠢᠲᠠᠭᠠᠭᠰᠠᠨ ᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠱᠠᠩᠨᠠᠵᠤ ᠲᠣᠷᠭᠠᠬᠤ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠮᠠᠨ ᠤ ᠰᠢᠶᠠᠨ ᠤ ᠬᠤᠸᠠᠷ ᠫᠤᠤᠵᠢᠩ ᠨᠣᠴᠣᠭᠠᠬᠤ ᠶᠢ ᠴᠠᠭᠠᠵᠠᠯᠠᠬᠤ ᠠᠵᠢᠯ ᠪᠠ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃    ᠰᠢᠶᠠᠨ ᠤ ᠤᠳᠤᠷᠢᠳᠤᠯᠭ᠎ᠠ ᠵᠢᠶᠠ ᠰᠢᠶᠤᠤ ᠫᠢᠩ᠂ ᠵᠧᠩ ᠶᠠᠨ ᠹᠠᠩ᠂ ᠶᠠᠩ ᠬᠤᠩ᠂ ‍ᠤᠤᠢ ᠶᠦᠩ ᠬᠤᠷᠠᠯ ᠳᠤ ᠣᠷᠣᠯᠴᠠᠵᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃         ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ         ᠨᠠᠶᠢᠷᠠᠭᠤᠯᠤᠭᠴᠢ᠄  ᠯᠢ ᠬᠤᠩ ᠢᠤᠢ         ᠤᠷᠴᠢᠭᠤᠯᠤᠭᠴᠢ᠄ ᠪᠠᠶᠠᠷᠯᠠᠬᠤ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2