ᠪᠡᠭᠡᠵᠢᠩ ᠤᠨ ᠬᠤᠩ ᠹᠦ᠋ ᠪᠦᠯᠦᠭᠯᠡᠯ ᠤᠨ ᠬᠠᠷᠢᠭᠤᠴᠠᠯᠭᠠᠲᠠᠨ ᠮᠠᠨ ᠤ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠵᠤ ᠵᠥᠪᠳᠡᠯᠴᠡᠪᠡ
ᠨᠡᠶᠢᠲᠡᠯᠡᠭᠰᠡᠨ ᠴᠠᠭ᠄
2022/2/7
      2 ᠰᠠᠷ᠎ᠠ ᠶᠢᠨ 3 ᠤ ᠡᠳᠦᠷ᠂ ᠪᠡᠭᠡᠵᠢᠩ ᠤᠨ ᠬᠤᠩ ᠹᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠬᠤᠸᠠᠩ ᠹᠦ᠋ ᠱᠦᠶ ᠨᠡᠷ ᠮᠠᠨ ᠤ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠵᠤ ᠵᠥᠪᠳᠡᠯᠴᠡᠪᠡ  ᠃ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠸᠠᠩ ᠵᠢᠶᠦ᠋ᠨ ᠶᠦᠩ ᠪᠠᠷ᠎ᠠ ᠪᠣᠯᠵᠣ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃      ᠬᠤᠸᠠᠩ ᠹᠦ᠋ ᠱᠦᠢ ᠨᠠᠷ ᠤᠷᠢᠳ ᠬᠤᠵᠢᠳ ᠲᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ᠂  ᠲᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ᠂  ᠲᠠᠭ᠎ᠠ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠦᠵᠡᠭᠦᠯᠦᠯᠭᠡ ᠶᠢᠨ ᠲᠢᠩᠬᠢᠮ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠲᠠᠨᠢᠯᠴᠠᠭᠤᠯᠭ᠎ᠠ ᠶᠢ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠮᠠᠨ ᠤ ᠰᠢᠶᠠᠨ ᠤ ᠰᠣᠶᠣᠯ ᠵᠤᠭᠠᠴᠠᠯ᠂ ᠡᠷᠡᠭᠦᠯ ᠲᠡᠩᠬᠡᠯᠡᠭᠦᠨ ᠰᠤᠪᠢᠯᠠᠯᠲᠠ᠂ ᠬᠥᠳᠡᠭᠡ ᠠᠵᠤ ᠠᠬᠤᠢ ᠶᠢᠨ ᠬᠥᠭᠵᠢᠯᠲᠡ ᠵᠡᠷᠭᠡ ᠪᠣᠳᠠᠲᠠᠢ ᠪᠠᠶᠢᠳᠠᠯ ᠢ ᠨᠠᠷᠢᠨ ᠣᠶᠢᠯᠠᠭᠠᠪᠠ᠃ ᠬᠤᠸᠠᠩ ᠹᠦ᠋ ᠱᠦᠢ ᠨᠡᠷ ᠮᠠᠨ ᠤ ᠰᠢᠶᠠᠨ ᠤ ᠲᠣᠬᠢᠷᠠᠮᠵᠢᠲᠠᠢ ᠠᠭᠤᠷ ᠠᠮᠢᠰᠬᠤᠯ ᠤᠨ ᠨᠥᠬᠦᠴᠡᠯ᠂ ᠳᠥᠭᠦᠮ ᠳᠥᠲᠡ ᠵᠠᠮ ᠬᠠᠷᠢᠯᠴᠠᠭᠠᠨ ᠤ ᠨᠥᠬᠦᠴᠡᠯ᠂ ᠡᠯᠪᠡᠭ ᠪᠠᠶᠠᠯᠢᠭ ᠰᠣᠶᠣᠯ ᠵᠤᠭᠠᠴᠠᠯ ᠤᠨ ᠦᠢᠯᠡᠰ᠂ ᠰᠢᠯᠢᠳᠡᠭ ᠰᠠᠶᠢᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠭᠦᠢᠴᠡᠳ ᠨᠤᠲᠠᠯᠠᠵᠤ᠂ ᠮᠠᠨ ᠤ ᠰᠢᠶᠠᠨ ᠳᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠬᠤ ᠳᠤ ᠮᠠᠰᠢ ᠶᠡᠭᠡ ᠳᠤᠷ᠎ᠠ ᠰᠣᠨᠢᠷᠬᠠᠯ ᠲᠠᠢ ᠪᠤᠯᠵᠤ᠂ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠰᠠᠨᠠᠮᠵᠢ ᠪᠠᠨ ᠪᠡᠶᠡᠯᠡᠭᠦᠯᠬᠦ ᠶᠢ ᠪᠠᠲᠤᠯᠠᠨ᠎ᠠ ᠭᠡᠵᠦ ᠢᠯᠡᠳᠬᠡᠪᠡ᠃
         ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠡᠭᠡᠵᠢᠩ ᠤᠨ ᠬᠤᠩ ᠹᠦ᠋ ᠪᠦᠯᠦᠭᠯᠡᠯ ᠤᠨ ᠤᠬᠠᠭᠤᠯᠭ᠎ᠠ ᠶᠢᠨ ᠸᠢᠳᠢᠣ᠋ ᠶᠢ ᠦᠵᠡᠵᠦ᠂ ᠺᠣᠮᠫᠠᠨᠢ ᠶᠢᠨ ᠲᠦᠬᠦᠭᠡᠷᠦᠮᠵᠢᠲᠦ ᠲᠠᠷᠢᠶᠠᠯᠠᠩ ᠤᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠤᠨ ᠬᠠᠮᠢᠶ᠎ᠠ ᠪᠦᠬᠦᠢ ᠬᠤᠷᠢᠶᠠᠩᠭᠤᠶᠢᠯᠠᠯ᠂ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ ᠯᠢᠦ ᠶᠢᠨ ᠲᠤᠤ ᠪᠡᠭᠡᠵᠢᠩ ᠤᠨ ᠬᠤᠩ ᠹᠦ᠋ ᠪᠦᠯᠦᠭᠯᠡᠯ ᠤᠨ ᠮᠠᠨ ᠤ ᠰᠢᠶᠠᠨ ᠳᠤ ᠰᠢᠨᠵᠢᠯᠡᠨ ᠪᠠᠶᠢᠴᠠᠭᠠᠵᠤ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠵᠡᠷᠭᠡ ᠲᠦᠷᠦᠯ ᠵᠦᠢᠯ ᠢ ᠵᠥᠪᠳᠡᠨ ᠶᠠᠷᠢᠯᠴᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠬᠠᠮᠤᠭ ᠤᠨ ᠶᠡᠭᠡ ᠦᠨᠡᠨᠴᠢ ᠰᠡᠳᠬᠢᠯ ᠪᠣᠯᠤᠨ ᠬᠠᠮᠤᠭ ᠤᠨ ᠰᠢᠯᠢᠳᠡᠭ ᠦᠢᠯᠡᠴᠢᠯᠡᠭᠡ ᠪᠠᠷ ᠲᠦᠷᠦᠯ ᠵᠦᠢᠯ ᠢ ᠪᠠᠶᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠮᠠᠨ ᠤ ᠰᠢᠶᠠᠨ ᠳᠠᠬᠢ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠲᠡᠮᠵᠢᠨ᠎ᠠ ᠭᠡᠵᠦ ᠢᠯᠡᠳᠬᠡᠪᠡ᠃ ᠡᠭᠦᠨ ᠤ ᠬᠠᠮᠲᠤ ᠪᠡᠭᠡᠵᠢᠩ ᠤᠨ ᠬᠤᠩ ᠹᠦ᠋ ᠪᠦᠯᠦᠭᠯᠡᠯ ᠤᠨ ᠬᠢᠨ ᠪᠣᠯᠤᠮᠵᠢᠲᠤ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠲᠥᠰᠦᠯ ᠢ ᠲᠦᠷᠭᠡᠨ ᠲᠣᠭᠲᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢᠨ ᠬᠠᠮᠲᠤ ᠡᠮᠬᠢ ᠵᠢᠷᠤᠮ ᠲᠠᠢ ᠥᠷᠨᠢᠭᠦᠯᠬᠦ ᠶᠢ ᠬᠦᠰᠡᠵᠦ ᠪᠠᠶᠢᠨ᠎ᠠ᠃
       ᠬᠤᠶᠠᠷ ᠲᠠᠯ᠎ᠠ ᠶᠢᠨ ᠬᠠᠷᠢᠭᠤᠴᠠᠯᠭᠠᠲᠠᠨ᠂ ᠵᠥᠪᠳᠡᠯᠴᠡᠬᠦ ᠶᠢ ᠴᠢᠩᠭᠠᠳᠬᠠᠵᠤ᠂ ᠠᠵᠢᠯ ᠤᠨ ᠲᠤᠰᠬᠠᠢ ᠠᠩᠬᠢ ᠶᠢ ᠴᠠᠭ ᠲᠤᠬᠠᠢ ᠳᠤᠨᠢ ᠪᠠᠶᠢᠭᠤᠯᠵᠤ᠂ ᠲᠦᠷᠦᠯ ᠵᠦᠢᠯ ᠤᠨ ᠬᠠᠮᠢᠶ᠎ᠠ ᠪᠦᠬᠦᠢ ᠬᠠᠮᠵᠢᠯᠴᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠦᠷᠦᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠬᠤ ᠶᠢᠨ ᠬᠠᠮᠲᠤ ᠡᠷᠲᠡᠬᠡᠨ ᠬᠡᠷᠡᠭᠵᠢᠭᠦᠯᠬᠦ ᠶᠢ ᠪᠠᠲᠤᠯᠠᠨ᠎ᠠ ᠭᠡᠵᠦ ᠢᠯᠡᠳᠬᠡᠪᠡ᠃    ᠬᠤᠯᠪᠣᠭᠳᠠᠯ ᠪᠦᠬᠦᠢ ᠨᠢᠭᠡᠴᠡ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ᠂ ᠶᠠᠷᠢᠯᠴᠠᠬᠤ ᠬᠤᠷᠠᠯ ᠳᠤ ᠣᠷᠣᠯᠴᠠᠪᠠ᠃                      ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ            ᠨᠠᠶᠢᠷᠠᠭᠤᠯᠤᠭᠴᠢ᠄  ᠯᠢ ᠬᠤᠩ ᠢᠤᠢ            ᠤᠷᠴᠢᠭᠤᠯᠤᠭᠴᠢ᠄ ᠪᠠᠶᠠᠷᠯᠠᠬᠤ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2