ᠯᠢᠦ ᠶᠢᠨ ᠲᠤᠤ ᠵᠧᠩ ᠳ᠋ᠦᠩ ᠫᠢᠩ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠳᠤ ᠪᠠᠶᠢᠭ᠎ᠠ ᠺᠠᠳ᠋ᠷ ᠠᠵᠢᠯᠲᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/2/7
   2 ᠰᠠᠷ᠎ᠠ ᠶᠢᠨ 3 ᠤ ᠡᠳᠦᠷ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠳᠤ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠪᠠᠶᠠᠷ ᠤᠨ ᠡᠳᠦᠷ ᠤᠨ ᠬᠤᠭᠤᠴᠠᠭᠠᠨ ᠳᠤ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠺᠠᠳ᠋ᠷ ᠠᠵᠢᠯᠲᠠᠳ ᠢ ᠳᠣᠲᠣᠨᠣ ᠪᠠᠷ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠪᠠ ᠢᠷᠥᠭᠡᠯ ᠳᠡᠪᠰᠢᠭᠦᠯᠪᠡ᠃      ᠯᠢᠦ ᠶᠢᠨ ᠲᠤᠤ᠂ ᠵᠧᠩ ᠳ᠋ᠦᠩ ᠫᠢᠩ ᠤᠷᠢᠳ ᠬᠤᠵᠢᠳ ᠰᠢᠶᠠᠨ ᠤ ᠵᠠᠬᠢᠳᠠᠯ ᠰᠤᠷᠪᠤᠯᠵᠢᠯᠠᠭ᠎ᠠ ᠵᠢᠨ‌‍ᠲ᠋ᠤᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠶᠦᠩ ᠰᠢᠩ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠡᠭ ᠲᠤ ᠬᠦᠷᠴᠦ ᠲᠣᠬᠤᠨᠢᠭᠤᠯᠵᠠᠢ᠃       ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ  ᠶᠢᠨ ᠭᠠᠵᠠᠷ ᠲᠤ  ᠂ ᠯᠢᠦ ᠶᠢᠨ ᠲᠤᠤ᠂ ᠵᠧᠩ ᠳ᠋ᠦᠩ ᠫᠢᠩ ᠬᠥᠮᠦᠰ ᠤᠨ ᠵᠢᠵᠢᠭᠦᠷᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠡᠮᠦᠨ᠎ᠡ ᠹᠷᠣᠨᠲ ᠲᠤ ᠵᠢᠵᠢᠭᠦᠷᠯᠡᠵᠦ ᠪᠠᠶᠢᠭ᠎ᠠ ᠺᠠᠳ᠋ᠷ ᠠᠵᠢᠯᠲᠠᠳ ᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠵᠦ᠂ ᠯᠢᠦ ᠶᠢᠨ ᠲᠤᠤ ᠬᠡᠯᠡᠬᠦ ᠳᠡᠭᠡᠨ᠂ ᠴᠠᠭᠠᠨ ᠰᠠᠷ᠎ᠠ ᠪᠣᠯ ᠠᠶᠢᠯ ᠡᠷᠦᠬᠡ ᠪᠠᠷ ᠢᠶᠠᠨ ᠴᠤᠭᠯᠠᠷᠠᠬᠤ ᠡᠳᠦᠷ ᠮᠥᠨ᠂ ᠲᠠ ᠨᠠᠷ ᠭᠡᠷ ᠡᠷᠦᠬᠡ ᠪᠠᠨ ᠦᠷᠡᠭᠳᠡᠭᠦᠯᠵᠦ᠂ ᠣᠯᠠᠨ ᠤ ᠲᠥᠯᠥᠭᠡ ᠵᠢᠳᠬᠦᠵᠦ᠂ ᠠᠵᠢᠯ ᠤᠨ ᠡᠮᠦᠨ᠎ᠡ ᠹᠷᠣᠨᠲ ᠢᠶᠠᠨ ᠪᠠᠲᠤ ᠰᠠᠬᠢᠵᠤ᠂ ᠪᠦᠬᠦ ᠰᠢᠶᠠᠨ ᠤ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠪᠠ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠳᠤᠪᠤᠶᠢᠮ᠎ᠠ ᠬᠤᠪᠢ ᠨᠡᠮᠡᠷᠢ ᠦᠵᠡᠭᠦᠯᠪᠡ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠠ ᠨᠠᠷ ᠤᠨ ᠠᠵᠢᠯ ᠢ ᠭᠦᠢᠴᠡᠳ ᠨᠤᠲᠠᠯᠠᠪᠠ᠂ ᠲᠠ ᠨᠠᠷ ᠤᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠷᠭᠦᠯᠵᠢᠯᠡᠨ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠪᠠᠶᠢᠳᠠᠯ ᠢᠶᠠᠨ ᠪᠠᠲᠤᠯᠠᠵᠤ᠂ ᠰᠠᠶᠢᠨ ᠠᠵᠢᠯ ᠤᠨ ᠪᠠᠶᠢᠷᠢᠨ ᠳᠤ ᠵᠣᠭᠰᠣᠵᠤ᠂ ᠰᠠᠶᠢᠨ ᠵᠢᠵᠢᠭᠦᠷᠯᠡᠵᠦ᠂ ᠪᠦᠬᠦ ᠰᠢᠶᠠᠨ ᠤ ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ᠃
         ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠲᠤ᠂ ᠯᠢᠦ ᠶᠢᠨ ᠲᠤᠤ᠂ ᠵᠧᠩ ᠳ᠋ᠦᠩ ᠫᠢᠩ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠥᠷᠭᠡᠨ ᠤᠯᠠᠨ ᠺᠠᠳ᠋ᠷ ᠠᠵᠢᠯᠳᠠᠨ ᠤ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠭᠠᠷᠭᠠᠭᠰᠠᠨ ᠴᠢᠷᠮᠠᠶᠢᠯᠭ᠎ᠠ ᠶᠢ ᠭᠦᠢᠴᠡᠳ ᠨᠤᠲᠠᠯᠠᠵᠤ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠺᠠᠳ᠋ᠷ ᠠᠵᠢᠯᠳᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠨᠢᠭᠡᠳᠦᠭᠡᠷ ᠹᠷᠣᠨᠲ ᠲᠤ ᠴᠠᠭ ᠢᠮᠠᠭᠲᠠ ᠪᠠᠲᠤ ᠰᠠᠬᠢᠬᠤ ᠪᠠ ᠡᠷᠡᠯᠬᠡᠭᠯᠡᠨ ᠲᠡᠮᠡᠴᠡᠵᠦ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠲᠤᠪᠤᠶᠢᠮ᠎ᠠ ᠬᠤᠪᠢ ᠨᠡᠮᠡᠷᠢ ᠦᠵᠡᠭᠦᠯᠵᠡᠢ ᠭᠡᠵᠦ ᠬᠡᠯᠡᠪᠡ᠃ ᠤᠯᠠᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠪᠠᠰᠠ ᠥᠪᠡᠷ ᠤᠨ ᠪᠡᠶ᠎ᠡ ᠮᠠᠬᠠᠪᠣᠳ ᠢᠶᠠᠨ ᠰᠠᠶᠢᠲᠤᠷ ᠬᠠᠮᠠᠭᠠᠯᠠᠵᠤ᠂ ᠪᠠᠶᠠᠷ ᠤᠨ ᠡᠳᠦᠷ ᠤᠨ ᠬᠤᠭᠤᠴᠠᠭ᠎ᠠ ᠵᠢᠴᠢ ᠬᠤᠶᠢᠰᠢᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠨᠡ ᠵᠢᠯ ᠤᠨ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
          ᠶᠦᠩ ᠰᠢᠩ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠲᠤ᠂ ᠯᠢᠦ ᠶᠢᠨ ᠲᠤᠤ᠂ ᠵᠧᠩ ᠳ᠋ᠦᠩ ᠫᠢᠩ ᠰᠡᠷᠭᠡᠶᠢᠯᠡᠨ ᠡᠵᠡᠮᠳᠡᠬᠦ ᠴᠡᠭ ᠤᠨ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠢ ᠳᠣᠲᠣᠨᠣ ᠪᠠᠷ ᠲᠣᠬᠤᠨᠢᠭᠤᠯᠵᠤ᠂ ᠯᠢᠦ ᠶᠢᠨ ᠲᠤᠤ ᠵᠢᠭᠠᠵᠤ ᠭᠠᠷᠭᠠᠭᠰᠠᠨ ᠨᠢ᠂ ᠶᠦᠩ ᠰᠢᠩ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ ᠤᠨ ᠲᠡᠷᠭᠡᠨ ᠤ ᠲᠤᠭ᠎ᠠ ᠬᠡᠮᠵᠢᠶ᠎ᠡ ᠶᠡᠭᠡ᠂ ᠰᠡᠷᠭᠡᠶᠢᠯᠡᠨ ᠡᠵᠡᠮᠳᠡᠬᠦ ᠡᠭᠦᠷᠭᠡ ᠬᠦᠨᠳᠦ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠪᠣᠭᠤᠮᠲᠠ ᠶᠢᠨ ᠨᠢᠭᠡ ᠪᠣᠯᠤᠨ᠎ᠠ᠂ ᠤᠯᠠᠨ ᠢᠶᠠᠷ ᠢᠶᠠᠨ ᠶᠠᠳᠠᠷᠠᠯ ᠵᠦᠳᠡᠷᠡᠯ ᠠᠴᠠ ᠠᠶᠤᠬᠤ ᠦᠭᠡᠢ᠂ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠪᠠᠨ ᠦᠷᠭᠦᠯᠵᠢᠯᠡᠨ ᠪᠠᠲᠤᠯᠠᠵᠤ᠂ ᠠᠯᠬᠤᠮ ᠳᠠᠷᠠᠭ᠎ᠠ ᠶᠢ ᠴᠢᠩᠭ᠎ᠠ ᠪᠠᠶᠢᠴᠠᠭᠠᠵᠤ᠂ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠦᠷ ᠬᠡᠷᠡᠮ ᠪᠤᠯᠤᠳ ᠬᠠᠨ᠎ᠠ ᠶᠢ ᠦᠨᠡᠨᠬᠦ ᠴᠣᠭᠴᠠᠯᠠᠬᠤ ᠶᠢ ᠬᠦᠰᠡᠵᠦ ᠪᠠᠶᠢᠨ᠎ᠠ᠃
       ᠢᠷᠥᠭᠡᠯ ᠵᠥᠩᠨᠡᠯ ᠤᠨ ᠦᠭᠡ᠂ ᠬᠠᠶᠢᠷ᠎ᠠ ᠬᠠᠯᠠᠮᠵᠢ ᠶᠢᠨ ᠰᠡᠳᠬᠢᠯᠭᠡ᠃ ᠲᠣᠬᠤᠨᠢᠭᠤᠯᠤᠭᠳᠠᠭᠰᠠᠨ ᠨᠢᠭᠡᠴᠡ ᠶᠢᠨ ᠺᠠᠳ᠋ᠷ ᠠᠵᠢᠯᠲᠠᠨ ᠠᠵᠢᠯᠴᠢᠳ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠶ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠶ ᠪᠠᠷ ᠦᠷᠭᠦᠯᠵᠢᠯᠡᠨ ᠰᠠᠶᠢᠨ ᠠᠵᠢᠯ ᠤᠨ ᠪᠠᠶᠢᠷᠢᠨ ᠳᠤ ᠵᠣᠭᠰᠣᠵᠤ᠂ ᠰᠠᠶᠢᠨ ᠵᠢᠵᠢᠭᠦᠷᠯᠡᠵᠦ᠂ ᠪᠦᠬᠦ ᠰᠢᠶᠠᠨ ᠤ ᠠᠷᠠᠳ ᠲᠦᠮᠡᠨ ᠤ ᠥᠯᠵᠡᠶ ᠪᠡᠯᠭᠡ ᠲᠠᠢ ᠪᠠᠶᠠᠷ ᠬᠥᠷ ᠲᠠᠢ ᠴᠠᠭᠠᠨ ᠰᠠᠷ᠎ᠠ ᠶᠢ ᠥᠩᠭᠡᠷᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠶ᠃    ᠰᠢᠶᠠᠨ ᠤ ᠤᠳᠤᠷᠢᠳᠤᠯᠭ᠎ᠠ ‍ᠤᠤᠢ ᠵᠢᠶᠠᠨ ᠹᠧᠩ᠂ ᠸᠠᠩ ᠵᠢᠶᠦ᠋ᠨ ᠶᠦᠩ᠂ ᠵᠧᠩ ᠶᠠᠨ ᠹᠠᠩ ᠵᠢᠴᠢ ᠬᠤᠯᠪᠣᠭᠳᠠᠯ ᠪᠦᠬᠦᠢ ᠨᠢᠭᠡᠴᠡ᠂ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠲᠣᠬᠤᠨᠢᠭᠤᠯᠤᠯ ᠳᠤ ᠣᠷᠣᠯᠴᠠᠪᠠ᠃                ᠢᠷᠡᠯᠲᠡ᠄  ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ                ᠨᠠᠶᠢᠷᠠᠭᠤᠯᠤᠭᠴᠢ᠄  ᠯᠢ ᠬᠤᠩ ᠢᠤᠢ                ᠤᠷᠴᠢᠭᠤᠯᠤᠭᠴᠢ᠄  ᠪᠠᠶᠠᠷᠯᠠᠬᠤ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2