ᠮᠠᠨ ᠤ ᠰᠢᠶᠠᠨ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠵᠶ᠋ᠠᠨ‌ᠠᠬᠢᠭᠤᠯᠪᠠ
ᠨᠡᠶᠢᠲᠡᠯᠡᠭᠰᠡᠨ ᠴᠠᠭ᠄
2022/3/23
        ᠬᠠᠪᠤᠷ ᠤᠨ ᠬᠤᠷ᠎ᠠ ᠪᠣᠳᠠᠰ ᠢ ᠤᠮᠳᠠᠯᠠᠵᠤ ᠬᠡᠭᠡᠷ᠎ᠡ ᠲᠠᠯ᠎ᠠ ᠶᠢ ᠢᠪᠡᠭᠡᠭᠰᠡᠨ ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠰᠢᠭᠲᠠᠶ ᠴᠠᠭ ᠦᠶ᠎ᠡ ᠪᠣᠯᠤᠨ᠎ᠠ᠂ ᠰᠤᠷᠪᠤᠯᠵᠢᠯᠠᠭᠴᠢ ᠬᠤᠩ ᠮᠤᠤ ᠪᠠᠯᠭᠠᠰᠤᠨ ᠤ ᠡᠭᠴᠡ ᠭᠤᠤ ᠲᠤᠰᠬᠤᠨ ᠤ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠪᠤᠳᠤᠭᠠᠷ ᠪᠠᠷᠢᠮᠵᠢᠶ᠎ᠠ ᠶᠢᠨ ᠬᠡᠰᠡᠭ ᠤᠨ ᠲᠤᠬᠠᠶ ᠶᠢᠨ ᠲᠠᠯᠠᠪᠠᠶ ᠳᠤ᠂ ᠪᠠᠷᠢᠯᠭ᠎ᠠ ᠶᠢᠨ ᠠᠵᠢᠯᠲᠠᠳ ᠮᠠᠯᠲᠠᠬᠤ ᠮᠠᠰᠢᠨ ᠢᠶᠠᠷ ᠬᠤᠭᠤᠯᠠᠶ ᠪᠤᠯᠠᠬᠤ ᠠᠵᠢᠯ ᠢ ᠡᠮᠬᠢ ᠵᠢᠷᠤᠮ ᠲᠠᠢ ᠪᠠᠷ ᠬᠢᠵᠦ ᠪᠠᠶᠢᠨ᠎ᠠ᠃ ᠲᠣᠰ ᠪᠠᠷᠢᠯᠭ᠎ᠠ ᠶᠢ 3 ᠰᠠᠷ᠎ᠠ ᠶᠢᠨ 10 ᠤ ᠡᠳᠦᠷ ᠠᠴᠠ ᠡᠬᠢᠯᠡᠨ ᠡᠬᠢᠯᠡᠭᠦᠯᠵᠦ᠂ 4 ᠰᠠᠷ᠎ᠠ ᠶᠢᠨ 20 ᠤ ᠡᠳᠦᠷ ᠠᠴᠠ ᠡᠮᠦᠨ᠎ᠡ ᠭᠠᠵᠠᠷ ᠪᠤᠯᠠᠬᠤ ᠬᠤᠭᠤᠯᠠᠶ᠂ ᠳᠣᠤᠷ᠎ᠠ ᠳᠠᠷᠤᠯᠲᠠᠲᠤ ᠤᠲᠠᠰᠤ ᠪᠤᠯᠠᠬᠤ ᠪᠠᠷᠢᠯᠭ᠎ᠠ᠂ ᠭᠠᠵᠠᠷ ᠰᠢᠷᠣᠶ ᠶᠢ ᠰᠠᠶᠢᠵᠢᠷᠠᠭᠤᠯᠬᠤ᠂ ᠳᠤᠰᠤᠯᠭᠠᠨ ᠤᠰᠤᠯᠠᠬᠤ ᠢᠵᠢ ᠪᠥᠷᠢᠳᠦᠭᠦᠯᠬᠦ᠂ ᠴᠠᠬᠢᠯᠭᠠᠨ ᠬᠦᠴᠦᠨ ᠤ ᠲᠥᠬᠦᠭᠡᠷᠦᠮᠵᠢ᠂ ᠬᠤᠳᠳᠤᠭ ᠤᠨ ᠬᠡᠷ᠂ ᠲᠠᠷᠢᠶᠠᠨ ᠵᠠᠮ᠂ ᠣᠶ ᠮᠣᠳᠣ ᠶᠢ ᠰᠡᠷᠭᠡᠶᠢᠯᠡᠨ ᠬᠠᠮᠠᠭᠠᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠤᠷᠰᠢᠯᠲᠠ ᠵᠡᠷᠭᠡ ᠰᠠᠭᠤᠷᠢ ᠪᠠᠷᠢᠯᠭ᠎ᠠ ᠶᠢ ᠳᠠᠭᠤᠰᠬᠠᠵᠤ᠂ 5 ᠰᠠᠷ᠎ᠠ ᠶᠢᠨ ᠳᠤᠮᠳᠠᠴᠢ ᠪᠠᠷ ᠪᠦᠬᠦᠨ ᠢ ᠳᠠᠭᠤᠰᠬᠠᠬᠤ ᠶᠢᠨ ᠬᠠᠮᠲᠤ ᠪᠠᠷᠢᠯᠭ᠎ᠠ ᠶᠢ ᠰᠢᠯᠭᠠᠨ ᠠᠪᠬᠤ ᠪᠠᠷ ᠴᠢᠷᠮᠠᠶᠢᠨ᠎ᠠ ᠃ ᠣᠶᠢᠯᠠᠭᠠᠭᠰᠠᠨ ᠢᠶᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠪᠠᠶᠢᠭᠤᠯᠤᠭᠳᠠᠭᠰᠠᠨ ᠤ ᠳᠠᠷᠠᠭ᠎ᠠ᠂ ᠭᠧ ᠦᠮᠡᠬᠡᠶ ᠭᠤᠤ ᠵᠠᠰᠠᠭ ᠵᠠᠬᠢᠷᠭᠠᠨ ᠤ ᠲᠣᠰᠬᠤᠨ ᠤ ᠵᠢᠯ ᠤᠨ ᠠᠷᠪᠢᠯᠠᠵᠤ ᠬᠡᠷᠡᠭᠯᠡᠭᠰᠡᠨ ᠤᠰᠤᠨ ᠤ ᠬᠡᠮᠵᠢᠶ᠎ᠡ ᠨᠢ 3.9 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠨᠣᠷᠮ᠎ᠠ ᠨᠢ 15% ᠪᠠᠷ ᠳᠡᠭᠡᠭᠰᠢᠯᠡᠵᠦ᠂ ᠲᠠᠷᠢᠶᠠᠨ ᠭᠠᠵᠠᠷ ᠤᠨ ᠮᠥ ᠪᠦᠷᠢ ᠶᠢᠨ ᠨᠢᠭᠡᠴᠢ ᠤᠨᠠᠯᠲᠠ ᠶᠢᠨ ᠬᠡᠮᠵᠢᠶ᠎ᠡ ᠨᠢ ᠠᠮᠤ ᠪᠤᠳᠠᠭᠠᠨ ᠤ ᠤᠨᠠᠯᠲᠠ ᠶᠢ 3.5 ᠲᠦᠮᠡᠨ ᠺᠢᠯᠣᠭ᠍ᠷᠠᠮ ᠨᠡᠮᠡᠭᠳᠡᠭᠦᠯᠵᠦ᠂ ᠲᠠᠷᠢᠶᠠᠨ ᠭᠠᠵᠠᠷ ᠤᠨ ᠣᠶ ᠰᠢᠭᠤᠶ ᠶᠢᠨ ᠲᠣᠤᠷ ᠤᠨ ᠬᠠᠮᠠᠭᠠᠯᠠᠯᠲᠠ ᠶᠢᠨ ᠲᠠᠯᠠᠪᠠᠶ ᠶᠢ 1388.92 ᠮᠥ ᠨᠡᠮᠡᠭᠳᠡᠭᠦᠯᠵᠦ᠂ ᠵᠠᠮ ᠨᠡᠪᠲᠡᠷᠡᠯᠭᠡ ᠶᠢᠨ ᠨᠣᠷᠮ᠎ᠠ ᠶᠢ 100% ᠪᠠᠷ ᠨᠡᠮᠡᠭᠳᠡᠭᠦᠯᠵᠡᠶ᠃
         ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠬᠠᠶ ᠵᠢᠶᠦ᠋ᠨ ᠶᠠᠭ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠤᠷ ᠲᠤ ᠵᠦᠶ᠋ᠯᠡᠰ ᠤᠨ ᠬᠡᠷᠡᠭᠵᠢᠭᠦᠯᠦᠯᠲᠡ ᠶᠢᠨ ᠨᠠᠷᠢᠨ  ᠵᠤᠶᠢᠯᠡᠰ ᠤᠨ ᠠᠰᠠᠭᠤᠳᠠᠯ ᠢ ᠵᠢᠯᠣᠭᠤᠳᠴᠤ ᠪᠠᠶᠢᠨ᠎ᠠ᠂ ᠲᠡᠷᠡ ᠪᠢᠳᠡᠨ ᠳᠤ᠄ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ︿ᠲᠠᠷᠢᠶᠠᠨ ᠭᠠᠵᠠᠷ᠂ ᠰᠢᠷᠣᠶ᠂ ᠤᠰᠤ᠂ ᠵᠠᠮ᠂ ᠣᠶ ᠰᠢᠭᠤᠶ ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ﹀︾  ᠵᠡᠷᠭᠡ ᠨᠠᠢᠮᠠ ᠶᠢ ᠢᠵᠢ ᠪᠦᠷᠢᠳᠦᠭᠦᠯᠬᠦ ᠱᠠᠭᠠᠷᠳᠠᠯᠭ᠎ᠠ ᠶᠣᠰᠣᠭᠠᠷ᠂ ᠵᠤᠶᠢᠯᠡᠰ ᠢ ᠬᠡᠷᠡᠭᠵᠢᠭᠦᠯᠬᠦ ᠪᠠᠷ ᠳᠠᠮᠵᠢᠭᠤᠯᠤᠨ ᠣᠲᠣ ᠶᠢᠨ ᠪᠠᠶᠢᠭ᠎ᠠ ᠬᠠᠭᠤᠷᠠᠶ ᠭᠠᠵᠠᠷ᠂ ᠬᠥᠲᠥᠯ ᠨᠢᠷᠤᠭᠤ ᠶᠢᠨ ᠭᠠᠵᠠᠷ ᠢ ︿ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ ᠲᠠᠢ᠂ ᠠᠮᠢ ᠠᠬᠤᠶ ᠰᠠᠶᠢᠨ﹀ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ︾ ᠭᠡᠵᠦ ᠲᠠᠨᠢᠯᠴᠠᠭᠤᠯᠪᠠ᠃ ᠡᠨᠡ ᠵᠢᠯ ᠪᠢᠳᠡ 3 ᠰᠠᠷ᠎ᠠ ᠶᠢᠨ 11 ᠤ ᠡᠳᠦᠷ ᠠᠴᠠ ᠡᠬᠢᠯᠡᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠬᠢᠯᠡᠭᠦᠯᠬᠦ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠤᠭᠰᠠᠨ ᠤ ᠳᠠᠷᠠᠭ᠎ᠠ ᠲᠡᠷᠡ ᠳᠠᠷᠤᠶ ᠳᠤᠨᠢ ᠡᠬᠢᠯᠡᠵᠦ ᠠᠵᠢᠯᠯᠠᠬᠤ ᠶᠢᠨ ᠬᠠᠮᠲᠤ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠲᠣᠬᠢᠷᠠᠭᠤᠯᠵᠤ᠂ ᠡᠨᠡ ᠬᠠᠪᠤᠷ ᠤᠨ ᠴᠢᠭᠢᠭ ᠤᠨ ᠪᠠᠶᠢᠳᠠᠯ ᠰᠠᠶᠢᠨ ᠪᠠᠶᠢᠬᠤ ᠠᠰᠢᠭᠲᠠᠶ ᠲᠣᠬᠢᠶᠠᠯ ᠢ ᠠᠮᠵᠢᠵᠤ᠂ ᠰᠠᠷ᠎ᠠ ᠬᠠᠭᠠᠰ ᠤᠨ ᠴᠠᠭ ᠢ ᠠᠰᠢᠭᠯᠠᠨ ᠡᠨᠡ ᠵᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠦᠬᠦᠨ ᠢ ᠪᠡᠶᠡᠯᠡᠭᠦᠯᠵᠦ᠂ 5 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠤᠭᠰᠠᠨ ᠰᠢᠯᠭᠠᠨ ᠠᠪᠬᠤ ᠠᠵᠢᠯ ᠢ ᠳᠠᠭᠤᠰᠬᠠᠬᠤ ᠪᠠᠷ ᠴᠢᠷᠮᠠᠶᠢᠨ᠎ᠠ︾ ᠭᠡᠵᠡᠶ᠃
     ᠣᠶᠢᠯᠠᠭᠠᠭᠰᠠᠨ ᠢᠶᠠᠷ᠂ ᠡᠨᠡ ᠵᠢᠯ ᠮᠠᠨ ᠤ ᠰᠢᠶᠠᠨ ᠬᠤᠩ ᠮᠤᠤ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ᠂  ᠮᠠᠩᠬᠠᠨ ᠪᠠᠯᠭᠠᠰᠤ᠂ ᠲᠢᠶᠠᠨ ᠴᠧᠩ ᠰᠢᠶᠠᠩ᠂ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠵᠡᠷᠭᠡ 5 ᠰᠢᠶᠠᠩ ᠪᠠᠯᠭᠠᠰᠤ᠂ 27 ᠵᠠᠰᠠᠭ ᠵᠠᠬᠢᠷᠭᠠᠨ ᠤ ᠲᠣᠰᠬᠤᠨ᠂ 65 ᠠᠶᠢᠯ ᠲᠣᠰᠬᠤᠨ ᠳᠤ ᠨᠡᠶᠢᠲᠡ 5.5 ᠲᠦᠮᠡᠨ ᠮᠥ ᠬᠠᠭᠤᠷᠠᠶ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠨᠡᠶᠢᠲᠡ 6600 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠮᠥ ᠪᠦᠷᠢ ᠳᠤ ᠴᠥᠮ 1200 ᠲᠥᠭᠦᠷᠢᠭ ᠤᠨ ᠪᠠᠯᠠ ᠣᠷᠣᠭᠤᠯᠵᠤ᠂ 8766 ᠲᠠᠷᠢᠶᠠᠴᠢᠨ ᠡᠷᠦᠬᠡ᠂ 35096 ᠬᠥᠮᠦᠨ ᠳᠤ ᠠᠰᠢᠭ ᠬᠦᠷᠲᠡᠭᠡᠪᠡ᠃ ᠡᠨᠡᠬᠦ ᠵᠣᠷᠢᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠬᠤ ᠮᠥᠷᠲᠡᠭᠡᠨ ᠪᠠᠰᠠ ᠮᠠᠨ ᠤ ᠰᠢᠶᠠᠨ ᠤ ᠲᠠᠷᠢᠶᠠᠯᠠᠩ ᠤᠨ ᠪᠣᠬᠢᠷᠲᠤᠯ ᠦᠭᠡᠶ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢᠨ ᠠᠯᠬᠤᠴᠠ ᠶᠢ ᠲᠦᠷᠭᠡᠳᠬᠡᠵᠦ᠂ ᠮᠠᠨ ᠤ ᠰᠢᠶᠠᠨ ᠤ ᠠᠮᠤ ᠪᠤᠳᠠᠭᠠᠨ ᠤ ᠠᠮᠤᠷ ᠲᠦᠪᠰᠢᠨ ᠳᠤ ᠨᠡᠩ ᠥᠨᠳᠥᠷ ᠲᠦᠪᠰᠢᠨ᠂ ᠨᠡᠩ ᠪᠠᠲᠤ ᠪᠠᠬᠢ ᠬᠠᠯᠬᠠᠪᠴᠢ ᠶᠢ ᠪᠤᠶ ᠪᠣᠯᠭᠠᠵᠤ ᠴᠢᠳᠠᠬᠤ ᠶᠤᠮ᠃                                                     ᠨᠠᠶᠢᠷᠠᠭᠤᠯᠤᠭᠴᠢ᠄  ᠶᠠᠩ  ᠿᠦᠢ ᠵᠧᠨ                                                     ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2