ᠯᠢᠶᠠᠩᠴᠧᠩ ᠰᠢᠶᠠᠨ᠄ ᠬᠠᠪᠤᠷ ᠤᠨ ᠰᠠᠶᠢᠬᠠᠨ ᠦᠵᠡᠮᠵᠢ ᠶᠢ ᠬᠥᠰᠡᠷᠳᠡᠭᠦᠯᠬᠦ ᠥᠬᠡᠶ ᠪᠠᠷ ᠬᠠᠪᠤᠷ ᠤᠨ ᠲᠠᠷᠢᠶᠠᠯᠠᠭ᠎ᠠ ᠶᠢ ᠪᠥᠬᠦ ᠬᠦᠴᠦᠨ ᠢᠶᠠᠷ ᠢᠶᠠᠨ ᠪᠠᠳᠤᠯᠠᠨ᠎ᠠ
ᠨᠡᠶᠢᠲᠡᠯᠡᠭᠰᠡᠨ ᠴᠠᠭ᠄
2022/3/24
     ᠵᠢᠯ ᠤᠨ ᠠᠵᠢᠯ ᠬᠠᠪᠤᠷ ᠲᠠᠭᠠᠨ ᠪᠤᠢ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ  ᠳᠠᠭᠠᠨ ᠪᠤᠢ᠃ ᠯᠢᠶᠠᠩᠴᠧᠩ ᠰᠢᠶᠠᠨ ᠡᠷᠲᠡ ᠠᠴᠠ ᠠᠷᠭ᠎ᠠ ᠤᠬᠠᠭᠠᠨ ᠰᠦᠪᠡᠭᠴᠢᠯᠡᠵᠦ᠂ ᠡᠷᠲᠡ ᠠᠴᠠ ᠬᠥᠳᠡᠯᠦᠯᠴᠡᠨ᠂ ᠡᠷᠲᠡ ᠠᠴᠠ ᠨᠠᠶᠢᠳᠠᠪᠤᠷᠢᠵᠢᠭᠤᠯᠵᠤ᠂ ᠲᠠᠷᠢᠶᠠᠯᠠᠩ ᠢ ᠳᠡᠮᠵᠢᠬᠦ ᠪᠠᠯᠠ ᠮᠥᠩᠭᠦ ᠶᠢ ᠵᠣᠬᠢᠴᠠᠭᠤᠯᠬᠤ᠂ ᠦᠷ᠎ᠡ᠂ ᠬᠢᠮᠢ ᠶᠢᠨ ᠪᠣᠷᠲᠣᠭᠤᠷ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠤᠷᠢᠳᠴᠢᠯᠠᠨ ᠨᠥᠭᠡᠴᠡᠯᠡᠬᠦ᠂ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
           ᠡᠨᠡ ᠬᠤᠶᠠᠷ ᠡᠳᠦᠷ᠂ ᠯᠢᠶᠠᠩᠴᠧᠩ ᠰᠢᠶᠠᠨ ᠳᠤ ᠨᠡᠶᠢᠳᠡᠮ ᠶᠡᠭᠡ ᠴᠠᠰᠤ ᠤᠷᠤᠭᠰᠠᠨ ᠪᠣᠯᠪᠠᠴᠤ ᠡᠨᠡ ᠨᠢ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠠᠵᠢᠯᠲᠠᠨ ᠤ ᠠᠯᠬᠤᠮ ᠢ ᠬᠠᠷᠰᠢᠯᠠᠭᠰᠠᠨ ᠦᠭᠡᠶ᠂ ᠲᠡᠳᠡ ᠶᠡᠭᠡ ᠴᠠᠰᠤ ᠪᠣᠯᠤᠨ ᠬᠠᠬᠢᠷ ᠬᠦᠢᠲᠡᠨ ᠢ ᠬᠠᠶᠢᠬᠤᠷᠤᠯ ᠦᠭᠡᠶ ᠪᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠪᠣᠯᠤᠨ ᠲᠠᠷᠢᠮᠠᠯ ᠤᠨ ᠡᠷᠦᠬᠡ ᠳᠤ ᠭᠦᠨᠵᠡᠭᠡᠶᠢᠷᠡᠵᠦ᠂ ᠲᠠᠷᠢᠶᠠᠯᠠᠩ ᠢ ᠲᠤᠰᠠᠯᠠᠬᠤ ᠵᠢᠭᠡᠯᠡᠯᠭᠡ ᠶᠢᠨ ᠬᠡᠷᠡᠭᠴᠡᠭᠡᠨ ᠤ ᠪᠠᠶᠢᠳᠠᠯ ᠢ ᠣᠶᠢᠯᠠᠭᠠᠪᠠ᠃ ᠮᠠᠶᠢᠬᠤᠳᠤ ᠪᠠᠯᠭᠠᠰᠤᠨ ᠤ ᠾᠧᠩ ᠸᠧᠶ ᠶᠢᠨ ᠲᠠᠷᠢᠶᠠᠯᠠᠩ ᠤᠨ ᠡᠵᠡᠩᠨᠡᠭᠴᠢ ᠤᠷᠢᠳ ᠢᠶᠠᠷ ᠪᠠᠯᠠ ᠮᠥᠩᠭᠦ ᠣᠷᠣᠯᠠᠨ ᠥᠭᠴᠦ ᠪᠠᠷᠠᠭ᠎ᠠ ᠪᠡᠯᠡᠳᠬᠡᠬᠦ ᠴᠢᠬᠤᠯᠠᠲᠠᠶ ᠪᠠᠶᠢᠬᠤ ᠶᠢ ᠮᠡᠳᠡᠭᠰᠡᠨ ᠤ ᠳᠠᠷᠠᠭ᠎ᠠ᠂ ᠠᠵᠢᠯᠲᠠᠳ ᠲᠤᠬᠠᠶ ᠶᠢᠨ ᠲᠠᠯᠠᠪᠤᠷ ᠲᠤ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠪᠠᠨ ᠨᠡᠮᠡᠭᠳᠡᠭᠦᠯᠦᠨ᠂ ᠲᠤᠬᠠᠶ ᠶᠢᠨ ᠲᠠᠯᠠᠪᠤᠷ ᠲᠤ ᠵᠢᠭᠡᠯᠡᠯᠭᠡ ᠶᠢᠨ ᠭᠠᠷ ᠭᠦᠶ᠋ᠴᠡᠳᠬᠡᠯ ᠬᠢᠵᠦ ᠥᠭᠴᠡᠶ᠃ ᠾᠧᠩ ᠸᠧᠶ ᠶᠢᠨ ᠲᠠᠷᠢᠶᠠᠯᠠᠩ ᠤᠨ ᠡᠵᠡᠩᠨᠡᠭᠴᠢ ᠴᠠᠩ ᠶᠤᠸᠠᠢ ᠶᠤᠸᠠᠨ᠄ ︽ᠣᠳᠣ ᠪᠡᠯᠡ ᠮᠥᠩᠭᠦᠨ ᠤ ᠳᠤᠲᠠᠭᠤᠳᠠᠯ ᠶᠡᠭᠡ ᠪᠠᠶᠢᠨ᠎ᠠ᠂ ᠢᠲᠡᠭᠡᠮᠵᠢ ᠶᠢᠨ ᠬᠤᠷᠰᠢᠶ᠎ᠠ ᠠᠴᠠ ᠵᠢᠭᠡᠯᠡᠯᠭᠡ ᠪᠠᠷ ᠪᠠᠷᠠᠭ᠎ᠠ ᠪᠡᠯᠡᠳᠬᠡᠬᠦ ᠴᠢᠬᠤᠯᠠᠲᠠᠶ ᠪᠠᠶᠢᠨ᠎ᠠ᠂ ᠪᠠᠷᠠᠭ᠎ᠠ ᠪᠠᠨ ᠪᠤᠴᠠᠭᠠᠵᠤ ᠠᠪᠴᠢᠷᠠᠭᠰᠠᠨ ᠤ ᠳᠠᠷᠠᠭ᠎ᠠ ᠠᠷᠠᠳ ᠢᠷᠭᠡᠳ ᠲᠤ ᠱᠡᠭᠡᠯᠡᠨ ᠥᠭᠴᠦ ᠪᠠᠶᠢᠨ᠎ᠠ᠂ ᠣᠳᠣ ᠢᠲᠡᠭᠡᠮᠵᠢ ᠶᠢᠨ ᠬᠤᠷᠰᠢᠶ᠎ᠠ ᠰᠠᠨᠠᠭᠠᠴᠢᠯᠠᠭ᠎ᠠ ᠠᠴᠠ ᠪᠠᠨ ᠵᠢᠭᠡᠯᠡᠯᠭᠡ ᠶᠢᠨ ᠭᠠᠷ ᠭᠦᠢᠴᠡᠳᠬᠡᠯ ᠬᠢᠵᠦ ᠥᠭᠭᠦᠭᠰᠡᠨ ᠳᠤ ᠦᠨᠡᠬᠡᠷ ᠶᠡᠬᠡᠳᠡ ᠲᠠᠯᠠᠷᠬᠠᠵᠤ ᠪᠠᠶᠢᠨ᠎ᠠ᠂ ᠣᠳᠣ ᠪᠠᠷᠠᠭ᠎ᠠ ᠣᠷᠣᠭᠤᠯᠬᠤ ᠳᠤ ᠪᠡᠯᠡ ᠮᠥᠩᠭᠦᠨ ᠤ ᠳᠤᠲᠠᠭᠤᠳᠠᠯ ᠤᠨ ᠠᠰᠠᠭᠤᠳᠠᠯ ᠢ ᠪᠣᠳᠣᠯᠬᠢᠯᠠᠬᠤ ᠬᠡᠷᠡᠭ ᠦᠭᠡᠶ ᠪᠣᠯᠵᠠᠶ︾ ᠭᠡᠵᠦ ᠲᠠᠯᠠᠷᠬᠠᠨ ᠬᠡᠯᠡᠪᠡ᠃
       ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠨᠢ ᠬᠠᠷᠢᠶᠠᠲᠤ ᠣᠷᠣᠨ ᠤ ᠪᠠᠨ ᠲᠠᠷᠢᠮᠠᠯ ᠤᠨ ᠡᠷᠦᠬᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠵᠢᠭᠡᠯᠡᠯᠭᠡ ᠶᠢ ᠭᠡᠷ ᠲᠤᠨᠢ ᠬᠦᠷᠭᠡᠬᠦ ᠠᠷᠭ᠎ᠠ ᠶᠢ ᠠᠪᠴᠤ᠂ ᠲᠠᠷᠢᠶᠠᠴᠢᠨ ᠡᠷᠦᠬᠡ ᠳᠤ ᠵᠢᠭᠡᠯᠡᠯᠭᠡ ᠣᠯᠭᠤᠭᠰᠠᠨ ᠠᠴᠠ ᠬᠡᠷᠡᠭᠯᠡᠭᠴᠢᠳ ᠲᠤ ᠲᠦᠢᠯ ᠤᠨ ᠶᠡᠭᠡ ᠳᠥᠭᠦᠮ ᠦᠵᠡᠭᠦᠯᠪᠡ᠃ ᠯᠢᠶᠠᠩᠴᠧᠩ ᠰᠢᠶᠠᠨ ᠤ ᠮᠠᠶᠢᠬᠤᠳᠤ ᠪᠠᠯᠭᠠᠰᠤᠨ ᠳᠤ ᠰᠠᠭᠤᠭ᠎ᠠ ᠵᠠᠩ ᠰᠢᠶᠤᠤ ᠯᠦᠩ ᠡᠨᠡ ᠵᠢᠯ 400 ᠭᠠᠷᠤᠢ ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠠᠢ᠃ ᠦᠵᠡᠵᠦ ᠪᠠᠶᠢᠲᠠᠯ᠎ᠠ ᠬᠠᠪᠤᠷ ᠤᠨ ᠲᠠᠷᠢᠶᠠᠯᠠᠭ᠎ᠠ ᠤᠳᠠᠯ ᠦᠭᠡᠢ ᠬᠦᠷᠴᠦ ᠢᠷᠡᠬᠦ ᠳᠤ ᠦᠷ᠎ᠡ᠂ ᠬᠢᠮᠢ ᠶᠢᠨ ᠪᠤᠷᠳᠤᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠠᠰᠠ ᠬᠤᠳᠠᠯᠳᠤᠨ ᠠᠪᠤᠭ᠎ᠠ ᠦᠭᠡᠢ ᠪᠠᠶᠢᠬᠤ ᠳᠤ ᠵᠠᠩ ᠰᠢᠶᠤᠤ ᠯᠦᠩ ᠢ ᠶᠡᠬᠡᠳᠡ ᠪᠠᠴᠢᠮᠳᠠᠭᠤᠯᠵᠠᠶ᠃ ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠠᠵᠢᠯᠲᠠᠨ ᠡᠨᠡ ᠬᠦ ᠪᠠᠶᠢᠳᠠᠯ ᠢ ᠮᠡᠳᠡᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠬᠦᠷᠴᠦ ᠪᠠᠶᠢᠳᠠᠯ ᠢ ᠬᠢᠨᠠᠨ ᠬᠠᠷᠭᠤᠭᠤᠯᠵᠤ᠂ ᠲᠠᠷᠢᠶᠠᠯᠠᠩ ᠢ ᠲᠤᠰᠠᠯᠠᠬᠤ ᠵᠢᠭᠡᠯᠡᠯᠭᠡ ᠶᠢᠨ ᠡᠯ᠎ᠡ ᠵᠦᠢᠯ ᠤᠨ ᠭᠤᠶᠤᠴᠢᠯᠠᠯ ᠤᠨ ᠨᠠᠷᠢᠨ ᠲᠦᠷᠢᠮ ᠢ ᠣᠶᠢᠯᠠᠭᠠᠭᠰᠠᠨ ᠤ ᠲᠠᠷᠠᠭ᠎ᠠ᠂ ᠵᠠᠩ ᠰᠢᠶᠤᠤ ᠯᠦᠩ ᠲᠡᠷᠡ ᠳᠠᠷᠤᠢ ᠳᠤᠨᠢ ᠵᠢᠭᠡᠯᠡᠯᠭᠡ ᠭᠤᠶᠤᠴᠢᠯᠠᠬᠤ ᠮᠠᠲ᠋ᠧᠷᠢᠶᠠᠯ ᠢ ᠲᠠᠭᠯᠠᠵᠠᠢ᠂ ᠲᠡᠷᠡ ᠰᠤᠷᠪᠤᠯᠵᠢᠯᠠᠭᠴᠢ ᠳᠤ᠄ ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠣᠯᠬᠤ ᠭᠡᠵᠦ ᠪᠠᠶᠢᠨ᠎ᠠ᠂ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ ᠨᠥᠭᠡᠴᠡᠯᠡᠬᠦ ᠴᠢᠬᠤᠯᠠᠲᠠᠢ ᠪᠠᠶᠢᠨ᠎ᠠ᠂ ᠶᠠᠭ ᠵᠣᠭᠤᠰ ᠵᠠᠷᠤᠬᠤ ᠴᠠᠭ ᠪᠣᠯᠵᠠᠢ᠂ ᠥᠨᠥᠳᠦᠷ ᠶᠡᠭᠡ ᠴᠠᠰᠤ ᠣᠷᠣᠬᠤ ᠳᠤ ᠢᠲᠡᠭᠡᠮᠵᠢ ᠶᠢᠨ ᠬᠤᠷᠰᠢᠶ᠎ᠠ ᠶᠢᠨ ᠠᠵᠢᠯᠳᠠᠨ ᠨᠠᠳᠠ ᠳᠤ ᠵᠢᠭᠡᠯᠡᠯᠭᠡ ᠶᠢᠨ ᠠᠵᠢᠯ ᠬᠢᠵᠦ ᠥᠭᠬᠦ ᠪᠠᠷ ᠢᠷᠡᠭᠰᠡᠨ ᠨᠢ ᠦᠨᠡᠬᠡᠷ ᠳᠠᠭᠠᠷᠠᠭᠰᠠᠨ ᠬᠥᠮᠦᠨ ᠳᠤ ᠳᠠᠬᠤ ᠬᠦᠷᠭᠡᠵᠦ ᠪᠠᠶᠢᠨ᠎ᠠ᠂ ᠲᠡᠳᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ︾ ᠭᠡᠵᠦ ᠬᠡᠯᠡᠪᠡ᠃    ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠨᠢ ᠲᠣᠰ ᠪᠡᠶ᠎ᠡ ᠶᠢᠨ  ᠤᠶᠢᠯᠡᠴᠢᠯᠡᠭᠡᠨ ᠤ ᠬᠡᠪᠴᠢᠶ᠎ᠡ ᠲᠠᠢ ᠪᠠᠨ ᠤᠶᠠᠯᠳᠤᠭᠤᠯᠤᠨ᠂ ᠲᠠᠷᠢᠶᠠᠨ ᠭᠠᠵᠠᠷ ᠤᠨ ᠲᠥᠬᠦᠭᠡᠷᠦᠮᠵᠢ᠂ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠲᠣᠭᠤᠷᠢᠨ ᠳᠤ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠎ᠠ ᠰᠠᠨᠠᠭᠠᠴᠢᠯᠠᠭ᠎ᠠ ᠠᠴᠠ ᠪᠠᠨ ᠲᠠᠷᠢᠶᠠᠴᠢᠨ ᠡᠷᠦᠬᠡ ᠲᠠᠢ ᠵᠣᠯᠭᠠᠭᠤᠯᠵᠤ᠂ ᠵᠣᠴᠢᠨ ᠡᠷᠦᠬᠡ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠲᠠᠰ ᠲᠣᠭᠲᠠᠭᠠᠨ ᠤᠷᠢᠳᠴᠢᠯᠠᠨ ᠢᠲᠡᠭᠡᠮᠵᠢ ᠣᠯᠭᠤᠬᠤ ᠠᠵᠢᠯ ᠢ ᠬᠡᠷ ᠲᠤᠨᠢ ᠬᠦᠷᠴᠦ᠂ ᠨᠡᠷᠡᠰ ᠤᠨ ᠲᠦᠷᠢᠮ ᠤᠨ ᠨᠠᠷᠢᠯᠢᠭ ᠣᠨᠣᠴᠠᠲᠠᠶ ᠪᠠᠷ ᠡᠵᠡᠩᠨᠡᠨ ᠪᠣᠷᠣᠯᠠᠭᠤᠯᠬᠤ ᠶᠢ ᠥᠷᠨᠢᠭᠦᠯᠵᠦ᠂ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠢᠦᠶ ᠯᠦᠩ ᠬᠡᠯᠡᠬᠦ ᠳᠡᠭᠡᠨ᠄ ︽ᠣᠶᠢᠷ᠎ᠠ ᠶᠢᠨ ᠭᠤᠷᠪᠠᠨ ᠵᠢᠯ ᠳᠤ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠢ ᠳᠡᠮᠵᠢᠬᠦ ᠵᠢᠵᠢᠭ ᠵᠠᠬ᠎ᠠ ᠳᠡᠯᠭᠡᠭᠦᠷ ᠢ ᠳᠡᠮᠵᠢᠬᠦ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠵᠠᠰᠠᠭ ᠤᠨ ᠣᠷᠳᠣᠨ ᠤ ᠠᠵᠤ  ᠤᠶᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠭᠤᠷᠢᠨ ᠳᠤ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠢᠲᠡᠭᠡᠮᠵᠢᠲᠦ ᠵᠢᠭᠡᠯᠡᠯᠭᠡ ᠶᠢᠨ  ᠤᠶᠢᠯᠡᠴᠢᠯᠡᠭᠡ ᠬᠠᠩᠭᠠᠪᠠ᠃ 2022 ᠣᠨ ᠳᠤ ᠪᠢᠳᠡ 15 ᠳ᠋ᠦᠩᠰᠢᠭᠤᠷ ᠲᠥᠭᠦᠷᠢᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠢᠭᠡᠯᠡᠯᠭᠡ ᠶᠢ ᠲᠠᠯᠪᠢᠬᠤ ᠪᠠᠷ ᠲᠥᠯᠥᠪᠯᠡᠵᠦ ᠪᠠᠶᠢᠭᠰᠠᠨ ᠢᠶᠠᠨ ᠤᠳᠤ ᠶᠠᠭ ᠵᠠᠯᠭᠠᠭ᠎ᠠ ᠪᠠᠷ ᠲᠠᠯᠪᠢᠵᠤ ᠪᠠᠶᠢᠨ᠎ᠠ᠃︾    ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠨᠢ ᠲᠠᠷᠢᠶᠠᠴᠢᠳ ᠤᠨ ᠨᠢᠭᠡ ᠵᠢᠯ ᠤᠨ ᠣᠷᠣᠯᠭ᠎ᠠ ᠲᠠᠢ ᠬᠤᠯᠪᠣᠭᠳᠠᠵᠤ ᠪᠠᠶᠢᠳᠠᠭ ᠪᠣᠯᠬᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠨᠢᠡᠲᠡᠭᠡᠷ ᠡᠳᠦᠷ ᠤᠳ ᠲᠤ᠂ ᠯᠢᠶᠠᠩᠴᠧᠩ ᠰᠢᠶᠠᠨ ᠤ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠨᠢᠭᠡᠴᠡ 8 ᠰᠠᠯᠪᠤᠷᠢ ᠪᠠᠭ᠎ᠠ ᠠᠩᠭᠢ ᠪᠠᠶᠢᠭᠤᠯᠵᠤ᠂ ᠡᠯ᠎ᠡ ᠰᠢᠶᠠᠩ ᠪᠠᠯᠭᠠᠰᠤ ᠵᠢᠴᠢ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠲᠣᠤᠷ ᠴᠡᠭ ᠲᠤ ᠭᠦᠨᠵᠡᠭᠡᠶᠢᠷᠡᠨ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠪᠠᠶᠢᠳᠠᠯ ᠢ ᠭᠡᠨᠡᠳᠲᠡ ᠶᠢᠨ ᠪᠠᠶᠢᠴᠠᠭᠠᠯᠲᠠ ᠬᠢᠵᠦ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠢ ᠦᠶ᠋ᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠵᠠᠯᠬᠠᠭᠠᠨ ᠰᠢᠳᠬᠡᠪᠡ᠃      ᠬᠠᠪᠤᠷ ᠤᠨ ᠠᠭᠤᠷ ᠤᠷᠤᠭᠰᠠᠨ ᠠᠴᠠ ᠨᠠᠰᠢ᠂ ᠯᠢᠶᠠᠩᠴᠧᠩ ᠰᠢᠶᠠᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠨᠡ ᠵᠢᠯ ᠤᠨ ᠦᠶ᠋ᠯᠡᠳᠪᠦᠷᠢᠯᠡᠯ ᠤᠨ ᠪᠠᠶᠢᠳᠠᠯ ᠢ ᠭᠦᠨᠵᠡᠭᠡᠶ ᠵᠠᠳᠠᠯᠵᠤ᠂ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠬᠤᠳᠠᠯᠳᠤᠭᠠᠴᠢᠨ ᠢ ᠵᠢᠯᠣᠭᠤᠳᠤᠨ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠲᠠᠷᠢᠮᠠᠯ ᠤᠨ ᠦᠷ᠎ᠡ᠂ ᠪᠣᠷᠲᠣᠭᠤᠷ ᠵᠡᠷᠭᠡ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠢ ᠭᠦᠶ᠋ᠴᠡᠳ ᠪᠡᠯᠡᠳᠬᠡᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠠᠵᠤ ᠠᠬᠤᠶᠢᠯᠠᠯ ︵ᠳᠡᠯᠭᠡᠭᠦᠷ︶ ᠳᠤ ᠭᠦᠨᠵᠡᠭᠡᠶᠢᠷᠡᠨ ᠶᠠᠰᠤ ᠴᠢᠨᠠᠷ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠦᠶ᠋ᠯᠡᠳᠬᠦᠨ ᠤ ᠶᠠᠰᠤ ᠴᠢᠨᠠᠷ ᠢ ᠪᠠᠲᠤᠯᠠᠨ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ᠂ ᠲᠠᠷᠢᠶᠠᠯᠠᠩ ᠢ ᠲᠤᠰᠠᠯᠠᠬᠤ ᠪᠠᠯᠠ ᠮᠥᠩᠭᠦ ᠶᠢᠨ ᠪᠠᠯᠠ ᠣᠷᠣᠭᠤᠯᠤᠯᠲᠠ ᠶᠢᠨ ᠡᠷᠴᠢᠮ ᠢ ᠲᠦᠷᠭᠡᠳᠬᠡᠨ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠨ᠎ᠡ᠃ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠽᠤ᠋ ᠶᠤᠸᠠᠨ ᠲᠠᠨᠢᠯᠴᠠᠭᠤᠯᠬᠤ ᠳᠠᠭᠠᠨ᠄ ︽ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠲᠠᠯ᠎ᠠ ᠪᠠᠷ ᠪᠢᠳᠡ ᠤᠷᠢᠳ ᠢᠶᠠᠷ ᠲᠣᠬᠢᠷᠠᠭᠤᠯᠤᠯᠲᠠ ᠬᠢᠵᠦ᠂ ᠡᠯ᠎ᠡ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠡᠵᠡᠩᠨᠡᠨ ᠪᠣᠷᠣᠯᠠᠭᠤᠯᠬᠤ ᠳᠡᠯᠭᠡᠭᠦᠷ ᠤᠨ ᠪᠠᠷᠠᠭᠠᠨ ᠤ ᠢᠷᠡᠯᠲᠡ ᠶᠢᠨ ᠨᠥᠭᠡᠴᠡ ᠵᠢᠴᠢ ᠤᠷᠢᠳᠴᠢᠯᠠᠨ ᠲᠣᠭᠲᠠᠭᠠᠭᠰᠠᠨ ᠵᠡᠷᠭᠡ ᠪᠠᠶᠢᠳᠠᠯ ᠢ ᠴᠠᠭ ᠲᠤᠬᠠᠶ ᠳᠤᠨᠢ ᠲᠣᠬᠢᠷᠠᠭᠤᠯᠤᠨ᠎ᠠ᠃ ᠡᠭᠦᠨ ᠤ ᠵᠡᠷᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠵᠡᠷᠭᠡ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠥᠳᠡᠭᠡ ᠲᠣᠰᠬᠤᠨ ᠳᠤ ᠣᠷᠣᠭᠤᠯᠬᠤ᠂ ᠲᠠᠷᠢᠶᠠᠨ ᠭᠠᠵᠠᠷ ᠲᠤ ᠣᠷᠣᠭᠤᠯᠬᠤ ᠳᠤ ᠰᠠᠭᠠᠳ ᠦᠭᠡᠶ ᠨᠡᠪᠲᠡᠷᠡᠬᠦ ᠵᠠᠮ ᠢ ᠨᠡᠭᠡᠭᠡᠨ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠂ ᠨᠥᠭᠦᠭᠡ ᠲᠠᠯ᠎ᠠ ᠪᠠᠷ ᠪᠢᠳᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ‍ᠤᠨ‌ᠵᠢᠭᠡᠯᠡᠯᠭᠡ ᠶᠢ ᠪᠦᠬᠦᠨ ᠢ ᠲᠠᠯᠪᠢᠬᠤ ᠶᠢ ᠪᠠᠳᠤᠯᠠᠨ᠎ᠠ᠃                                        ᠨᠠᠶᠢᠷᠠᠭᠤᠯᠤᠭᠴᠢ᠄    ᠶᠠᠩ  ᠿᠦᠢ ᠵᠧᠨ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2