ᠯᠢᠶᠠᠩᠴᠧᠩ ᠰᠢᠶᠠᠨ ᠤ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/3/29
    ᠯᠢᠶᠠᠩᠴᠧᠩ ᠰᠢᠶᠠᠨ ᠤ 2022 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ 3 ᠰᠠᠷ᠎ᠠ ᠶᠢᠨ 21 ᠤ ᠡᠳᠦᠷ ᠠᠴᠠ ᠡᠬᠢᠯᠡᠵᠦ᠂ ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠂ ᠲᠣᠰ ᠤᠳᠠᠭᠠᠨ ᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠪᠠᠷᠤᠭ 710 ᠬᠥᠮᠦᠨ ᠪᠠᠶᠢᠨ᠎ᠠ᠃ ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠤᠷᠢᠳᠴᠢᠯᠠᠨ ᠳᠣᠭᠢᠷᠠᠭᠤᠯᠵᠤ᠂ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ ᠨᠡᠷ᠎ᠡ ᠮᠡᠳᠡᠭᠦᠯᠬᠦ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠪᠡ᠃  
       ᠨᠡᠷ᠎ᠡ ᠮᠡᠳᠡᠭᠦᠯᠬᠦ ᠲᠤᠬᠠᠶ ᠶᠢᠨ ᠲᠠᠯᠠᠪᠤᠷ ᠲᠤ᠂ ᠠᠵᠢᠯᠲᠠᠨ ᠤᠷᠢᠳᠴᠢᠯᠠᠨ ᠠᠵᠢᠯ ᠤᠨ ᠪᠠᠶᠢᠷᠢ ᠳᠤ ᠭᠠᠷᠴᠤ᠂ ᠡᠭᠦᠳᠡᠨ ᠳᠡᠭᠡᠷ᠎ᠡ ᠰᠢᠯᠭᠠᠭᠤᠯᠤᠭᠴᠢ ᠳᠤ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ᠂ ᠨᠣᠮᠧᠷ ᠰᠢᠷᠪᠢᠵᠦ ᠳᠠᠩᠰᠠᠯᠠᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠬᠢᠵᠦ᠂ ᠰᠢᠯᠭᠠᠭᠤᠯᠤᠭᠴᠢ ᠳᠤ ᠠᠮᠠᠪᠴᠢ ᠵᠡᠭᠦᠬᠦ ᠶᠢ ᠵᠢᠷᠤᠮᠵᠢᠭᠤᠯᠤᠨ᠂ 1 ᠮᠧᠲᠷ ᠤᠨ ᠵᠠᠶ ᠲᠠᠢ ᠪᠠᠶᠢᠯᠭᠠᠵᠤ᠂ ᠰᠢᠯᠭᠠᠭᠤᠯᠤᠭᠴᠢ ᠶᠢ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ ᠭᠠᠵᠠᠷ ᠲᠤ ᠡᠮᠬᠢ ᠵᠢᠷᠤᠮ ᠲᠠᠢ ᠪᠠᠷ ᠣᠷᠣᠭᠤᠯᠤᠨ ᠲᠤᠬᠠᠶ ᠶᠢᠨ ᠲᠠᠯᠠᠪᠤᠷ ᠤᠨ ᠮᠡᠳᠡᠭᠡ ᠵᠠᠩᠭᠢ ᠶᠢ ᠨᠤᠲᠠᠯᠠᠭᠤᠯᠬᠤ ᠬᠡᠷᠡᠭᠲᠡᠶ ᠭᠡᠵᠦ ᠰᠠᠨᠠᠭᠤᠯᠪᠠ᠃
   ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠢᠦᠶ ᠬᠠᠶ  ᠹᠧᠩ ᠲᠠᠨᠢᠯᠴᠠᠭᠤᠯᠬᠤ ᠳᠠᠭᠠᠨ᠄ 3 ᠰᠠᠷ᠎ᠠ ᠶᠢᠨ 24 ᠤ ᠡᠳᠦᠷ ᠠᠴᠠ ᠡᠬᠢᠯᠡᠨ ᠲᠤᠬᠠᠶ ᠶᠢᠨ ᠲᠠᠯᠠᠪᠠᠶ ᠶᠢᠨ ᠮᠡᠳᠡᠭᠡ ᠪᠢᠳᠡ ᠬᠢᠵᠢᠭ ᠢ ᠰᠡᠷᠭᠡᠶᠢᠯᠡᠬᠦ ᠠᠵᠢᠯ ᠤᠨ ᠨᠠᠷᠢᠨ ᠲᠥᠰᠦᠯ ᠢ ᠲᠣᠭᠲᠠᠭᠠᠵᠤ᠂ ᠲᠤᠰᠬᠠᠶ ᠬᠥᠮᠦᠨ ᠲᠣᠮᠢᠯᠠᠨ ᠬᠢᠵᠢᠭ ᠰᠡᠷᠭᠡᠶᠢᠯᠡᠬᠦ ᠠᠵᠢᠯ ᠤᠨ ᠳᠤᠭᠤᠶᠢᠯᠠᠩ ᠪᠠᠶᠢᠭᠤᠯᠵᠤ᠂ ᠮᠡᠳᠡᠭᠡ ᠵᠠᠩᠭᠢ ᠶᠢ ᠨᠤᠲᠠᠯᠠᠬᠤ ᠲᠤᠬᠠᠶ ᠶᠢᠨ ᠲᠠᠯᠠᠪᠤᠷ ᠲᠤ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠪᠥᠬᠦ ᠶᠠᠪᠤᠴᠠ ᠳᠤ ᠠᠮᠠᠪᠴᠢ ᠵᠡᠭᠦᠬᠦ᠂ ᠠᠭᠠᠷ ᠪᠠ ᠣᠷᠴᠢᠨ ᠠᠬᠤᠶ ᠶᠢ ᠠᠷᠢᠭᠤᠳᠬᠠᠬᠤ ᠵᠢᠴᠢ 1 ᠮᠧᠲᠷ ᠤᠨ ᠱᠤᠭᠤᠮ ᠬᠦᠯᠢᠶᠡᠬᠦ ᠵᠡᠷᠭᠡ ᠪᠣᠳᠠᠲᠠᠶ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠥᠮᠦᠨ ᠴᠤᠭᠯᠠᠷᠠᠬᠤ ᠶᠢ ᠰᠡᠷᠭᠡᠶᠢᠯᠡᠬᠦ ᠶᠢᠨ ᠲᠥᠯᠥᠭᠡ᠂ ᠰᠢᠶᠠᠨ ᠤ ᠰᠣᠷᠣᠭᠴᠢ ᠡᠯᠰᠡᠬᠦ ᠠᠯᠪᠠᠨ ᠬᠡᠷ ᠠᠴᠠ ᠡᠯ᠎ᠡ ᠰᠤᠷᠭᠠᠭᠤᠯᠢ ᠶᠢᠨ ᠠᠩᠭᠢ ᠪᠠᠷ ᠨᠢᠭᠡᠴᠢ ᠪᠣᠯᠭᠠᠨ ᠪᠤᠷᠤᠭᠤ ᠴᠠᠭ ᠢᠶᠠᠷ ᠲᠤᠬᠠᠶ ᠶᠢᠨ ᠲᠠᠯᠠᠪᠤᠷ ᠲᠤ ᠢᠷᠡᠵᠦ ᠨᠤᠲᠠᠯᠠᠬᠤ ᠠᠵᠢᠯ ᠢ ᠤᠷᠢᠳᠴᠢᠯᠠᠨ ᠲᠣᠬᠢᠷᠠᠭᠤᠯᠵᠤ᠂ ᠰᠢᠯᠭᠠᠭᠤᠯᠤᠭᠴᠢ ᠶᠢᠨ ᠠᠮᠤᠷ ᠲᠦᠪᠰᠢᠨ ᠪᠠ ᠨᠡᠷ᠎ᠡ ᠮᠡᠳᠡᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃                                ᠨᠠᠶᠢᠷᠠᠭᠤᠯᠤᠭᠴᠢ᠄    ᠶᠠᠩ  ᠿᠦᠢ ᠵᠧᠨ                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2