ᠯᠢᠦ ᠶᠢᠨ ᠲᠤᠤ ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/3/29
    3 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠧᠩ ᠳ᠋ᠦᠩ ᠫᠢᠩ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ‌‍ᠲ᠋ᠠᠭ᠎ᠠ ᠶᠢᠨ ᠨᠠᠭᠤᠷ  ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠯᠢᠦ ᠶᠢᠨ ᠲᠤᠤ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠠᠮᠢ ᠠᠬᠤᠢ ᠶᠢᠨ ᠤᠢᠢᠯᠠᠭᠠᠭᠳᠠᠬᠤᠨ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠨᠢᠭᠡᠨᠲᠡ ᠪᠠᠶᠢᠭᠤᠯᠤᠭᠰᠠᠨ ᠲᠦᠷᠦᠯ ᠵᠦᠢᠯ ᠤᠨ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠪᠦᠷᠢᠳᠬᠡᠵᠦ᠂ ᠡᠯ᠎ᠡ ᠵᠦᠢᠯ ᠤᠨ ᠪᠠᠶᠢᠭᠤᠯᠵᠤ ᠪᠠᠶᠢᠭ᠎ᠠ ᠢᠨᠵᠧᠨᠧᠷᠢᠩ ᠤᠨ ᠲᠦᠷᠭᠡᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠠᠭ᠎ᠠ ᠶᠢᠨ ᠨᠠᠭᠤᠷ ᠤᠨ ᠬᠠᠮᠠᠭᠠᠯᠠᠯᠲᠠ ᠶᠢᠨ ᠰᠢᠨ᠎ᠡ ᠦᠷ᠎ᠡ ᠪᠦᠲᠦᠮᠵᠢ᠂ ᠰᠢᠨ᠎ᠡ ᠠᠬᠢᠴᠠ ᠲᠠᠢ ᠪᠣᠯᠬᠤ ᠶᠢ ᠪᠠᠲᠤᠯᠠᠬᠤ ᠬᠡᠷᠡᠭᠲᠡᠢ᠃
      ᠯᠢᠦ ᠶᠢᠨ ᠲᠤᠤ᠂ ᠵᠧᠩ ᠳ᠋ᠦᠩ ᠫᠢᠩ ᠤᠷᠢᠳ ᠬᠤᠵᠢᠳ ᠵᠢᠷᠭᠤᠳᠤᠭᠠᠷ ᠰᠤᠮᠤ ᠪᠠᠯᠭᠠᠰᠤ᠂ ᠲᠢᠶᠠᠨ ᠴᠧᠩ ᠰᠢᠶᠠᠩ᠂ ᠮᠠᠶᠢᠬᠤᠳᠤ ᠪᠠᠯᠭᠠᠰᠤ᠂ ᠲᠠᠭ᠎ᠠ ᠶᠢᠨ ᠨᠠᠭᠤᠷ ᠪᠠᠯᠭᠠᠰᠤᠨ ᠳᠤ ᠬᠦᠷᠴᠦ ᠭᠦᠩ ᠪᠠ ᠾᠧ ᠭᠤᠣᠯ ᠤᠨ ᠠᠮᠠᠰᠠᠷ ᠢ ᠬᠠᠰᠢᠵᠤ ᠴᠡᠪᠡᠷᠰᠢᠭᠦᠯᠬᠦ ᠢᠨᠵᠧᠨᠧᠷᠢᠩ ᠤᠨ ᠠᠬᠢᠴᠠ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ᠂ ᠮᠠᠯ ᠵᠢᠭᠦᠷᠲᠡᠨ ᠤ ᠪᠠᠭᠠᠰᠤ ᠰᠢᠭᠡᠰᠦ ᠶᠢ ᠣᠪᠣᠭᠠᠯᠠᠵᠤ ᠪᠤᠷᠳᠤᠭᠤᠷ ᠢ ᠢᠰᠬᠡᠬᠦ ᠴᠥᠭᠦᠷᠥᠮ ᠤᠨ ᠬᠡᠷᠡᠭᠯᠡᠯᠲᠡ ᠶᠢᠨ ᠪᠠᠶᠢᠳᠠᠯ᠂ ᠣᠷᠭᠠᠨᠢᠭ ᠪᠤᠷᠳᠤᠭᠤᠷ ᠤᠨ ᠬᠡᠷᠡᠭᠯᠡᠯᠲᠡ᠂ ᠲᠠᠷᠢᠶᠠᠨ ᠭᠠᠵᠠᠷ ᠤᠨ ᠤᠰᠤ ᠠᠷᠪᠢᠯᠠᠵᠤ ᠤᠰᠤᠯᠠᠬᠤ᠂ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃
     ᠬᠦᠷᠦᠭᠰᠡᠨ ᠭᠠᠵᠠᠷ ᠪᠣᠯᠭᠠᠨ ᠳᠤ᠂ ᠯᠢᠦ ᠶᠢᠨ ᠲᠤᠤ᠂ ᠵᠧᠩ ᠳ᠋ᠦᠩ ᠫᠢᠩ ᠡᠯ᠎ᠡ ᠪᠠᠷᠢᠯᠭ᠎ᠠ ᠶᠢᠨ ᠠᠬᠢᠴᠠ ᠶᠢᠨ ᠪᠠᠶᠢᠳᠠᠯ᠂ ᠪᠠᠷᠢᠯᠭ᠎ᠠ ᠳᠠᠭᠤᠰᠤᠭᠰᠠᠨ ᠴᠠᠭ ᠢ ᠨᠠᠷᠢᠨ ᠬᠢᠨᠠᠮᠠᠭᠠᠢ ᠰᠣᠨᠣᠰᠴᠤ᠂ ᠲᠠᠷᠢᠶᠠᠴᠢᠨ ᠡᠷᠦᠬᠡ ᠶᠢᠨ ᠭᠡᠷ ᠤᠨ ᠤᠰᠤ ᠪᠠᠷ ᠤᠬᠢᠶᠠᠬᠤ ᠵᠣᠷᠯᠣᠩ ᠪᠣᠯᠤᠨ ᠮᠠᠯ ᠵᠢᠭᠦᠷᠲᠡᠨ ᠤ ᠪᠠᠭᠠᠰᠤ ᠰᠢᠭᠡᠰᠦ ᠶᠢ ᠣᠪᠣᠭᠠᠯᠠᠵᠤ ᠪᠤᠷᠳᠤᠭᠤᠷ ᠢ ᠢᠰᠬᠡᠬᠦ ᠴᠥᠭᠦᠷᠥᠮ ᠤᠨ ᠬᠡᠷᠡᠭᠯᠡᠵᠦ ᠪᠠᠶᠢᠭ᠎ᠠ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠲᠠᠭ᠎ᠠ ᠶᠢᠨ ᠨᠠᠭᠤᠷ ᠨᠠᠭᠤᠷ ᠤᠨ ᠨᠠᠭᠤᠷ ᠲᠤ ᠴᠢᠳᠬᠤᠬᠤ ᠭᠤᠣᠯ ᠤᠨ ᠵᠠᠮ ᠳᠤ ᠭᠦᠨᠵᠡᠭᠡᠶᠢᠷᠡᠵᠦ᠂ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ ᠪᠠᠷᠢᠯᠭ᠎ᠠ ᠶᠢᠨ ᠠᠬᠢᠴᠠ᠂ ᠭᠤᠣᠯ ᠴᠠᠭᠳᠠᠬᠤ ᠵᠡᠷᠭᠡ ᠪᠠᠶᠢᠳᠠᠯ ᠢ ᠣᠶᠢᠯᠠᠭᠠᠪᠠ᠃
           ᠯᠢᠦ ᠶᠢᠨ ᠲᠤᠤ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠤᠢᠢᠯᠠᠭᠠᠭᠳᠠᠬᠤᠨ ᠢ ᠪᠠᠷᠢᠮᠲᠠᠯᠠᠵᠤ᠂ᠰᠢᠰᠲ᠋ᠧᠮᠳᠤ ᠵᠠᠰᠠᠯᠲᠠ᠂ ᠪᠦᠬᠦ ᠰᠠᠪᠠ ᠭᠠᠵᠠᠷ ᠢ ᠵᠠᠰᠠᠬᠤ ᠰᠡᠳᠬᠢᠬᠦᠢ ᠶᠢ ᠪᠠᠷᠢᠮᠲᠠᠯᠠᠵᠤ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠭᠦᠩ ᠪᠠ ᠾᠧ ᠭᠤᠣᠯ ᠢ ᠬᠠᠰᠢᠵᠤ ᠴᠡᠪᠡᠷᠰᠢᠭᠦᠯᠬᠦ ᠢᠨᠵᠧᠨᠧᠷᠢᠩ ᠤᠨ ᠠᠬᠢᠴᠠ ᠶᠢ ᠲᠠᠰᠤᠷᠠᠯᠲᠠ ᠦᠭᠡᠢ ᠲᠦᠷᠭᠡᠳᠬᠡᠵᠦ᠂ ᠰᠢᠶᠠᠩ ᠪᠠᠯᠭᠠᠰᠤᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ ᠪᠦᠬᠦ ᠬᠦᠴᠦᠨ ᠢᠶᠠᠷ ᠢᠶᠠᠨ ᠢᠨᠵᠧᠨᠧᠷᠢᠩ ᠤᠨ ᠳᠤᠮᠳᠠ ᠲᠤᠯᠭᠠᠷᠠᠭᠰᠠᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠠᠭᠠᠨ ᠤᠷᠤᠭᠰᠢᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠮᠠᠯ ᠵᠢᠭᠦᠷᠲᠡᠨ ᠤ ᠪᠣᠷᠲᠣᠭᠤᠷ ᠣᠪᠣᠭᠠᠯᠠᠬᠤ ᠢᠰᠬᠡᠯᠲᠡ ᠶᠢᠨ ᠲᠠᠲᠠᠭᠠᠯ ᠤᠨ ᠬᠤᠶᠢᠨᠠᠬᠢ ᠬᠠᠮᠢᠶᠠᠷᠤᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠨᠡ ᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠤᠨ ᠵᠠᠮ ᠤᠨ ᠲᠣᠭᠤᠷᠢᠨ ᠪᠠᠶᠢᠴᠠᠭᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠤᠨ ᠵᠠᠮ ᠳᠤ ᠠᠮᠢᠳᠤᠷᠠᠯ ᠤᠨ ᠬᠤᠭ ᠨᠣᠪᠰᠢ ᠪᠠ ᠪᠠᠷᠢᠯᠭ᠎ᠠ ᠶᠢᠨ ᠬᠤᠭ ᠨᠣᠪᠰᠢ ᠴᠢᠳᠬᠤᠬᠤ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠨᠠᠭᠤᠷ ᠲᠤ ᠴᠢᠳᠬᠤᠬᠤ ᠭᠤᠣᠯ ᠤᠨ ᠵᠠᠮ ᠤᠨ ᠰᠠᠭᠠᠳ ᠦᠭᠡᠢ ᠴᠡᠪᠡᠷ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠭᠠᠨ ᠤ ᠨᠠᠭᠤᠷ ᠤᠨ ᠰᠠᠪᠠ ᠭᠠᠵᠠᠷ ᠤᠨ ᠮᠠᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠲᠤᠷ ᠬᠢᠵᠦ᠂ ᠮᠠᠨ ᠤ ᠰᠢᠶᠠᠨ ᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠲᠦᠯᠬᠢᠨ ᠠᠬᠢᠭᠤᠯᠬᠤ ᠶᠠᠪᠤᠴᠠ ᠳᠤ ᠪᠠᠶᠢᠭᠠᠯᠢ ᠶᠢ ᠬᠦᠨᠳᠦᠳᠬᠡᠵᠦ᠂ ᠭᠤᠣᠯ ᠤᠨ ᠵᠠᠮ ᠤᠨ ᠤᠤᠯ ᠳᠦᠷᠰᠦ ᠪᠠᠶᠢᠳᠠᠯ ᠢ ᠬᠦᠨᠳᠦᠳᠬᠡᠵᠦ᠂ ᠢᠨᠵᠧᠨᠧᠷᠢᠩ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃
         ᠯᠢᠦ ᠶᠢᠨ ᠲᠤᠤ ᠴᠢᠬᠤᠯᠠᠴᠢᠯᠠᠭᠰᠠᠨ ᠨᠢ᠂ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠳᠠᠭᠠ ᠶᠢᠨ ᠨᠠᠭᠤᠷ ᠴᠥᠭᠦᠷᠥᠮ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠳᠠᠭᠠ ᠶᠢᠨ ᠲᠠᠯᠠᠢ ᠶᠢᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠠᠭᠠ ᠶᠢᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠵᠤ ᠂ ᠡᠬᠡ ᠤᠯᠤᠰ ᠤᠨ ᠤᠮᠠᠷᠠᠲᠤ ᠬᠢᠯᠢ ᠳᠤ ᠰᠢᠭᠢᠳᠬᠡᠭᠰᠡᠨ ᠡᠨᠡᠬᠦ ᠭᠡᠷᠡᠯᠲᠦ ᠰᠤᠪᠤᠳ ᠤᠨ ᠬᠡᠷᠡᠯ ᠭᠢᠯᠪᠠᠭ᠎ᠠ ᠶᠢ ᠲᠠᠬᠢᠨ ᠰᠠᠴᠤᠷᠠᠭᠤᠯᠬᠤ ᠬᠡᠷᠡᠭᠲᠡᠢ᠃    ᠰᠢᠶᠠᠨ ᠤ ᠤᠳᠤᠷᠢᠳᠤᠯᠭ᠎ᠠ ᠸᠠᠩ ᠵᠢᠶᠦ᠋ᠨ ᠶᠦᠩ᠂ ᠵᠢᠶᠠ ᠰᠢᠶᠤᠤ ᠫᠢᠩ᠂ ᠹᠧᠩ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ᠂ ᠬᠡᠰᠡᠭ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃                              ᠨᠠᠶᠢᠷᠠᠭᠤᠯᠤᠭᠴᠢ᠄     ᠶᠠᠩ  ᠿᠦᠢ ᠵᠧᠨ                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2