ᠯᠢᠶᠠᠩᠴᠧᠩ ᠰᠢᠶᠠᠨ᠄ ᠣᠷᠭᠠᠨᠢᠭ ᠪᠣᠷᠲᠣᠭᠤᠷ ᠨᠡᠮᠡᠵᠦ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/4/1
  ᠯᠢᠶᠠᠩᠴᠧᠩ ᠰᠢᠶᠠᠨ ᠤ ᠬᠢᠨ ᠲᠠᠭ᠎ᠠ ᠶᠢᠨ ᠨᠠᠭᠤᠷ ᠢ ᠲᠣᠭᠤᠷᠢᠭᠰᠠᠨ ᠣᠷᠣᠨ ᠪᠦᠰᠡ ᠪᠠᠷ ᠲᠦᠰᠢᠭ ᠪᠣᠯᠭᠠᠵᠤ᠂ ᠪᠦᠬᠦᠯᠢ ᠰᠢᠶᠠᠩ ᠪᠦᠬᠦᠯᠢ ᠲᠣᠰᠬᠤᠨ᠂ ᠲᠥᠪᠯᠡᠷᠡᠨ ᠵᠠᠯᠭᠠᠯᠳᠤᠭᠰᠠᠨ ᠬᠢᠮᠢ ᠶᠢᠨ ᠪᠣᠷᠲᠣᠭᠤᠷ ᠣᠷᠣᠭᠤᠯᠬᠤ ᠶᠢ ᠴᠠᠭᠠᠵᠠᠯᠠᠬᠤ ᠳᠤ 15 ᠲᠦᠮᠡᠨ ᠮᠥ ᠣᠷᠭᠠᠨᠢᠭ ᠪᠣᠷᠲᠣᠭᠤᠷ ᠬᠡᠷᠡᠭᠯᠡᠬᠦ ᠶᠢ ᠳᠡᠯᠭᠡᠷᠡᠭᠦᠯᠵᠦ᠂ ᠡᠭᠦᠨ ᠳᠤ 6 ᠲᠦᠮᠡᠨ ᠮᠥ ᠨᠢ ᠣᠷᠭᠠᠨᠢᠭ ᠬᠠᠭᠤᠷᠠᠶ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠪᠠᠶᠢᠵᠤ᠂ ᠪᠣᠬᠢᠷᠲᠤᠯ ᠥᠬᠡᠶ᠂ ᠣᠷᠭᠠᠨᠢᠭ ︽ᠯᠢᠶᠠᠩᠴᠧᠩ ᠬᠠᠭᠤᠷᠠᠶ ᠠᠮᠤ︾ ᠶᠢᠨ ᠣᠷᠣᠨ ᠪᠦᠰᠡ ᠶᠢᠨ ᠴᠢᠨᠠᠷᠲᠠᠶ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠬᠤ ᠪᠠ ᠲᠠᠷᠢᠶᠠᠨ ᠭᠠᠵᠠᠷ ᠤᠨ ᠡᠬᠢ ᠪᠠᠶᠠᠯᠢᠭ ᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠠᠬᠢᠭᠤᠯᠪᠠ᠃      ᠡᠨᠡ ᠬᠡᠳᠦᠨ ᠡᠳᠦᠷ᠂ ᠥᠪᠥᠷ ᠮᠣᠩᠭᠤᠯ ᠤᠨ ᠯᠢᠦᠶ ᠺᠠᠩ ᠲᠢᠶᠠᠨ ᡂᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠣᠷᠭᠠᠨᠢᠭ ᠪᠤᠷᠳᠤᠭᠤᠷ ᠤᠨ ᠦᠢᠯᠡᠳᠪᠦᠷᠢᠯᠡᠯ ᠤᠨ ᠲᠠᠰᠤᠭ ᠲᠤ᠂ ᠲᠦᠷᠪᠡᠨ ᠮᠠᠰᠢᠨ ᠮᠠᠰᠢ ᠲᠦᠷᠭᠡᠨ ᠢᠶᠠᠷ ᠠᠵᠢᠯᠯᠠᠵᠤ᠂ ᠠᠳᠡ ᠦᠬᠡᠷ ᠤᠨ ᠪᠠᠭᠠᠰᠤ᠂ ᠬᠤᠨᠢᠨ ᠤ ᠪᠠᠭᠠᠰᠤ᠂ ᠡᠰᠢ ᠰᠦᠷᠡᠯ ᠵᠡᠷᠭᠡ ᠮᠠᠯ ᠠᠵᠤ ᠠᠬᠤᠢ ᠲᠠᠷᠢᠶᠠᠯᠠᠩ ᠤᠨ ᠬᠠᠶᠠᠭᠳᠠᠮᠠᠯ ᠪᠣᠳᠠᠰ ᠢ ᠬᠡᠮᠬᠡᠬᠦ᠂ ᠢᠰᠬᠡᠬᠦ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠤᠨ ᠳᠠᠷᠠᠭᠠᠯᠠᠯ ᠢᠶᠠᠷ ᠣᠷᠭᠠᠨᠢᠭ ᠪᠤᠷᠳᠤᠭᠤᠷ ᠪᠣᠯᠭᠠᠨ ᠬᠤᠪᠢᠷᠠᠭᠤᠯᠵᠠᠢ ᠃ ᠬᠥᠮᠦᠰ ᠤᠨ ᠣᠷᠭᠠᠨᠢᠭ ᠪᠤᠷᠳᠤᠭᠤᠷ ᠤᠨ ᠲᠤᠬᠠᠶ ᠲᠠᠨᠢᠯᠲᠠ ᠪᠠ ᠬᠦᠯᠢᠶᠡᠨ ᠠᠪᠬᠤ ᠬᠡᠮᠵᠢᠶ᠎ᠡ ᠶᠢᠨ ᠵᠢᠯ ᠳᠠᠷᠠᠭᠠᠯᠠᠨ ᠳᠡᠭᠡᠭᠰᠢᠯᠡᠬᠦ ᠶᠢ ᠳᠠᠭᠠᠯᠳᠤᠨ᠂ ᠠᠵᠤ ᠠᠬᠤᠶᠢᠯᠠᠯ ᠨᠢ ᠥᠩᠭᠡᠷᠡᠭᠰᠡᠨ ᠤ ᠤᠯᠠᠷᠢᠯ ᠤᠨ ᠴᠢᠨᠠᠷᠲᠠᠶ ᠦᠢᠯᠡᠳᠪᠦᠷᠢᠯᠡᠯ ᠠᠴᠠ ᠪᠠᠨ ᠪᠦᠬᠦ ᠵᠢᠯ ᠳᠤ ᠦᠢᠯᠡᠳᠪᠦᠷᠢᠯᠡᠬᠦ ᠪᠤᠯᠵᠤ᠂ ᠵᠢᠯ ᠪᠦᠷᠢ 3 — 5 ᠲᠦᠮᠡᠨ ᠲᠣᠨ ᠣᠷᠭᠠᠨᠢᠭ ᠪᠤᠷᠳᠤᠭᠤᠷ ᠢ ᠦᠢᠯᠡᠳᠪᠦᠷᠢᠯᠡᠵᠦ᠂ ᠭᠤᠣᠯᠳᠠᠭᠤ ᠳᠠᠭᠠ ᠶᠢᠨ ᠨᠠᠭᠤᠷ ᠤᠨ ᠡᠷᠬᠢᠨ ᠲᠣᠭᠤᠷᠢᠨ ᠤ ᠲᠠᠷᠢᠶᠠᠨ ᠭᠠᠵᠠᠷ ᠲᠤ ᠬᠡᠷᠡᠭᠯᠡᠬᠦ ᠪᠣᠯᠵᠠᠶ᠃ ᠥᠪᠥᠷ ᠮᠣᠩᠭᠤᠯ ᠤᠨ ᠯᠢᠦᠶ ᠺᠠᠩ ᠲᠢᠶᠠᠨ ‍ᠤᠤᠢ ᠣᠷᠴᠢᠨ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠯᠪᠠᠨ ᠬᠡᠷ ᠤᠨ ᠡᠷᠬᠢᠯᠡᠭᠴᠢ ᠵᠤ ᠶᠠᠨ ᠹᠸᠢ ᠲᠠᠨᠢᠯᠴᠠᠭᠤᠯᠬᠤ ᠳᠠᠭᠠᠨ᠄ ᠮᠠᠨ ᠤ ᠲᠦᠭᠦᠬᠡᠶ ᠮᠠᠲ᠋ᠧᠷᠢᠶᠠᠯ ᠳᠤ ᠲᠤᠬᠠᠶ ᠶᠢᠨ ᠭᠠᠵᠠᠷ ᠤᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ︵ᠮᠠᠯ ᠤᠨᠤᠭ᠎ᠠ︶ ᠤᠨ ᠪᠠᠭᠠᠰᠤ ᠰᠢᠭᠡᠰᠦ ᠶᠢ ᠬᠡᠷᠡᠭᠯᠡᠵᠦ᠂ ᠪᠠᠰᠠ ᠳᠠᠭᠠ ᠶᠢᠨ ᠨᠠᠭᠤᠷ ᠤᠨ ᠳᠣᠲᠣᠷᠠᠬᠢ ᠬᠤᠯᠤᠰᠤ ᠡᠪᠡᠰᠦ ᠡᠪᠡᠰᠦ ᠶᠢ ᠪᠣᠯᠪᠠᠰᠤᠷᠠᠭᠤᠯᠤᠭᠰᠠᠨ ᠤ ᠳᠠᠷᠠᠭ᠎ᠠ ᠣᠷᠭᠠᠨᠢᠭ ᠪᠣᠷᠲᠣᠭᠤᠷ ᠪᠣᠯᠭᠠᠨ᠂ ᠪᠣᠯᠪᠠᠰᠤᠷᠠᠭᠤᠯᠤᠭᠰᠠᠨ ᠤ ᠳᠠᠷᠠᠭ᠎ᠠ ᠣᠷᠭᠠᠨᠢᠭ ᠪᠣᠷᠲᠣᠭᠤᠷ ᠪᠣᠯᠭᠠᠨ᠂ ᠲᠠᠷᠢᠶᠠᠨ ᠭᠠᠵᠠᠷ ᠤᠨ ᠬᠠᠶᠠᠭᠳᠠᠮᠠᠯ ᠪᠣᠳᠠᠰ ᠢ ᠡᠷᠳᠡᠨᠢ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠡᠶ᠃ .      ᠲᠠᠷᠢᠶᠠᠨ ᠤ ᠨᠢᠭᠡ ᠰᠠᠯᠠᠭ᠎ᠠ ᠴᠡᠴᠡᠭ ᠢ ᠪᠣᠷᠳᠣᠬᠤ ᠳᠤ ᠯᠠ ᠲᠦᠰᠢᠭᠯᠡᠨ᠎ᠡ᠃ ᠣᠷᠭᠠᠨᠢᠭ ᠪᠤᠷᠳᠤᠭᠤᠷ ᠠᠴᠠ ᠭᠠᠳᠠᠨ᠎ᠠ᠂ ᠲᠠᠷᠢᠶᠠᠴᠢᠨ ᠠᠶᠢᠯ ᠤᠨ ᠪᠤᠷᠳᠤᠭᠤᠷ ᠴᠤ ᠥᠷᠭᠡᠨ ᠤᠯᠠᠨ ᠲᠠᠷᠢᠮᠠᠯ ᠤᠨ ᠡᠷᠦᠭᠡ ᠶᠢᠨ ᠳᠤᠷ᠎ᠠ ᠪᠠᠬ᠎ᠠ ᠶᠢ ᠲᠠᠲᠠᠵᠤ ᠪᠠᠶᠢᠨ᠎ᠠ᠃ ᠤᠢᠢᠷ᠎ᠠ ᠶᠢᠨ ᠵᠢᠯ ᠤᠨ ᠲᠤᠷᠰᠢ ᠯᠢᠶᠠᠩᠴᠧᠩ ᠰᠢᠶᠠᠨ ᠤ ᠬᠢᠨ ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ 81 ᠠᠶᠢᠯ ᠲᠣᠰᠬᠤᠨ ᠳᠤ ᠮᠠᠯ ᠵᠢᠭᠦᠷᠲᠡᠨ ᠤ ᠪᠠᠭᠠᠰᠤᠨ ᠪᠤᠷᠳᠤᠭᠤᠷ ᠤᠨ ᠢᠰᠬᠡᠯᠲᠡ ᠶᠢᠨ ᠲᠠᠲᠠᠭᠠᠯ ᠢ ᠪᠠᠶᠢᠭᠤᠯᠵᠤ᠂ 2021 ᠣᠨ ᠳᠤ ᠨᠡᠶᠢᠲᠡ 19.5 ᠲᠦᠮᠡᠨ ᠲᠣᠨ ᠲᠠᠷᠢᠶᠠᠴᠢᠨ ᠠᠶᠢᠯ ᠤᠨ ᠪᠤᠷᠳᠤᠭᠤᠷ ᠢ ᠲᠤᠬᠢᠷᠠᠭᠤᠯᠤᠨ ᠣᠷᠣᠭᠤᠯᠵᠠᠢ᠃
         ᠡᠨᠡ ᠬᠡᠳᠦᠨ ᠡᠳᠦᠷ᠂ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠡᠷᠦᠬᠡ ᠪᠣᠯᠭᠠᠨ ᠢᠰᠬᠡᠭᠰᠡᠨ ᠤ ᠳᠠᠷᠠᠭᠠᠬᠢ ᠲᠠᠷᠢᠶᠠᠴᠢᠨ ᠠᠶᠢᠯ ᠤᠨ ᠪᠣᠷᠲᠣᠭᠤᠷ ᠢᠶᠠᠨ ᠣᠪᠣᠭᠠᠯᠠᠵᠤ᠂ ᠪᠣᠷᠲᠣᠭᠤᠷ ᠢᠶᠠᠨ ᠰᠢᠭᠦᠵᠦ ᠡᠬᠢᠯᠡᠪᠡ᠃ ᠡᠨᠡ ᠬᠡᠳᠦᠨ ᠡᠳᠦᠷ᠂ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠡᠷᠦᠬᠡ ᠪᠣᠯᠭᠠᠨ ᠢᠰᠬᠡᠭᠰᠡᠨ ᠤ ᠳᠠᠷᠠᠭᠠᠬᠢ ᠪᠣᠷᠲᠣᠭᠤᠷ ᠢᠶᠠᠨ ᠣᠪᠣᠭᠠᠯᠠᠵᠤ᠂ ᠪᠣᠷᠲᠣᠭᠤᠷ ᠢᠶᠠᠨ ᠰᠢᠭᠦᠵᠦ ᠡᠬᠢᠯᠡᠪᠡ᠃ ᠲᠠᠷᠢᠮᠠᠯ ᠤᠨ ᠡᠷᠦᠬᠡ ᠯᠢ ᠶᠦᠨ ᠱᠧᠩ ᠤᠯᠠᠨ ᠵᠢᠯ ᠤᠨ ᠲᠤᠷᠰᠢᠯᠭ᠎ᠠ ᠲᠠᠢ᠂ ᠬᠡᠳᠦ᠋ᠢᠪᠡᠷ ᠣᠳᠣᠬᠠᠨ ᠳᠤ ᠵᠠᠬ᠎ᠠ ᠳᠡᠯᠭᠡᠭᠦᠷ ᠳᠡᠭᠡᠷ᠎ᠡ ᠶᠠᠩᠵᠤ ᠪᠦᠷᠢ ᠶᠢᠨ ᠬᠢᠮᠢ ᠶᠢᠨ ᠪᠤᠷᠳᠤᠭᠤᠷ ᠢ ᠪᠣᠷᠣᠯᠠᠭᠤᠯᠵᠤ ᠪᠠᠶᠢᠬᠤ ᠪᠣᠯᠪᠠᠴᠤ ᠲᠡᠷᠡ ᠮᠥᠨ ᠯᠡ ᠲᠠᠷᠢᠶᠠᠴᠢᠨ ᠠᠶᠢᠯ ᠤᠨ ᠪᠤᠷᠳᠤᠭᠤᠷ ᠢ ᠬᠡᠷᠡᠭᠯᠡᠬᠦ ᠵᠠᠩᠰᠢᠯ ᠢᠶᠠᠨ ᠬᠠᠳᠠᠭᠠᠯᠠᠭᠰᠠᠭᠠᠷ ᠪᠠᠶᠢᠨ᠎ᠠ᠃ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠲᠠᠷᠢᠮᠠᠯ ᠤᠨ ᠡᠷᠦᠬᠡ ᠯᠢ ᠶᠦᠨ ᠱᠧᠩ᠄ ᠪᠢ ᠳᠥᠴᠢ ᠲᠠᠪᠢᠨ ᠵᠢᠯ ᠲᠠᠷᠢᠶ᠎ᠠ ᠲᠠᠷᠢᠵᠠᠢ᠂ ᠪᠦᠷ ᠯᠡ ᠲᠠᠷᠢᠶᠠᠴᠢᠨ ᠠᠶᠢᠯ ᠤᠨ ᠪᠤᠷᠳᠤᠭᠤᠷ ᠢ ᠬᠡᠷᠡᠭᠯᠡᠬᠦ ᠳᠤ ᠲᠦᠰᠢᠭᠯᠡᠨ᠎ᠡ᠂ ᠥᠪᠡᠷ ᠢᠶᠠᠨ ᠠᠷᠪᠠᠨ ᠬᠡᠳᠦᠨ ᠬᠤᠨᠢ ᠲᠡᠵᠢᠭᠡᠭᠰᠡᠨ ᠴᠦ ᠵᠣᠭᠤᠰ ᠵᠠᠷᠤᠳᠠᠭ ᠦᠭᠡᠢ᠂ ᠲᠠᠷᠢᠶᠠᠴᠢᠨ ᠠᠶᠢᠯ ᠤᠨ ᠪᠤᠷᠳᠤᠭᠤᠷ ᠲᠤ ᠤᠷᠤᠭᠰᠠᠨ ᠤ ᠲᠠᠷᠠᠭ᠎ᠠ ᠭᠠᠵᠠᠷ ᠨᠡᠩ ᠰᠤᠯᠠ ᠵᠥᠭᠡᠯᠡᠨ ᠪᠤᠯᠵᠤ᠂ ᠲᠠᠷᠢᠶᠠᠨ ᠤ ᠤᠷᠭᠤᠴᠠ ᠴᠤ ᠨᠡᠯᠢᠶᠡᠳ ᠰᠠᠶᠢᠨ᠂ ᠭᠠᠷᠤᠯᠲᠠ ᠴᠤ ᠨᠡᠯᠢᠶᠡᠳ ᠥᠨᠳᠥᠷ᠂ ᠪᠠᠰᠠ ᠰᠠᠶᠢᠨ ᠦᠨ᠎ᠡ ᠪᠠᠷ ᠬᠤᠳᠠᠯᠳᠤᠵᠤ ᠪᠣᠯᠤᠨ᠎ᠠ ᠭᠡᠵᠦ ᠬᠡᠯᠡᠪᠡ᠃
          ᠯᠢᠶᠠᠩᠴᠧᠩ ᠰᠢᠶᠠᠨ ᠤ ᠬᠢᠨ‌‍ᠲ᠋ᠠᠭ᠎ᠠ ᠶᠢᠨ ᠨᠠᠭᠤᠷ ᠤᠨ ᠡᠷᠬᠢᠨ ᠲᠣᠭᠤᠷᠢᠨ ᠳᠤ ᠬᠢᠮᠢ ᠶᠢᠨ ᠪᠤᠷᠳᠤᠭᠤᠷ ᠪᠣᠷᠣᠯᠠᠭᠤᠯᠬᠤ ᠶᠢ ᠬᠠᠮᠢᠶᠠᠷᠬᠤ᠂ ᠬᠢᠮᠢ ᠶᠢᠨ ᠪᠤᠷᠳᠤᠭᠤᠷ ᠬᠤᠳᠠᠯᠳᠤᠨ ᠠᠪᠬᠤ ᠶᠢ ᠬᠠᠮᠢᠶᠠᠷᠬᠤ᠂ ᠬᠢᠮᠢ ᠶᠢᠨ ᠪᠤᠷᠳᠤᠭᠤᠷ ᠣᠷᠣᠭᠤᠯᠬᠤ ᠶᠢ ᠬᠠᠮᠢᠶᠠᠷᠬᠤ᠂ ᠨᠥᠬᠦᠪᠥᠷᠢ ᠶᠢ ᠨᠡᠮᠡᠭᠳᠡᠭᠦᠯᠬᠦ ᠵᠡᠷᠭᠡ ᠠᠷᠭ᠎ᠠ ᠬᠡᠯᠪᠡᠷᠢ ᠪᠠᠷ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠬᠤ ᠪᠠ ᠣᠷᠭᠠᠨᠢᠭ ᠪᠤᠷᠳᠤᠭᠤᠷ ᠬᠡᠷᠡᠭᠯᠡᠬᠦ ᠶᠢ ᠳᠡᠯᠭᠡᠷᠡᠭᠦᠯᠬᠦ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠪᠠ᠃ ᠲᠠᠭ᠎ᠠ ᠤ ᠨᠠᠭᠤᠷ ᠤᠨ ᠰᠠᠪᠠ ᠭᠠᠵᠠᠷ ᠤᠨ ᠡᠯ᠎ᠡ ᠰᠢᠶᠠᠩ ᠪᠠᠯᠭᠠᠰᠤ ᠳᠤ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠵᠤ᠂ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ ᠡᠵᠡᠩᠨᠡᠯᠲᠡ ᠶᠢ ᠬᠡᠷᠡᠭᠵᠢᠭᠦᠯᠦᠨ᠂ ᠪᠣᠬᠢᠷᠲᠤᠯ ᠥᠬᠡᠶ ᠤᠶᠢᠯᠡᠳᠪᠤᠷᠢᠯᠡᠯ ᠢ ᠬᠡᠷᠡᠭᠵᠢᠭᠦᠯᠵᠦ᠂ ᠲᠠᠷᠢᠶᠠᠯᠠᠩ ᠤᠨ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠳᠣᠬᠢᠴᠢᠯᠠᠭᠰᠠᠨ ᠰᠢᠨ᠎ᠡ ᠶᠢ ᠡᠭᠦᠳᠬᠦ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠠᠭ᠎ᠠ ᠤ ᠨᠠᠭᠤᠷ ᠤᠨ ᠰᠠᠪᠠ ᠭᠠᠵᠠᠷ ᠤᠨ ᠨᠡᠶᠢᠲᠡ ᠳᠤ ᠬᠤᠤᠷᠳᠠᠭᠳᠠᠯ ᠥᠬᠡᠶ᠂ ᠪᠣᠬᠢᠷᠲᠤᠯ ᠥᠬᠡᠶ  ᠤᠶᠢᠯᠡᠳᠪᠤᠷᠢᠯᠡᠯ ᠤᠨ ᠰᠠᠭᠤᠷᠢᠨ ᠭᠠᠵᠠᠷ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠽᠤ᠋ ᠶᠤᠸᠠᠨ ᠬᠡᠯᠡᠬᠦ ᠳᠡᠭᠡᠨ᠄ ᠲᠦᠷᠦᠭᠦᠤ ᠬᠤᠶᠠᠷ ᠵᠢᠯ ᠤᠨ ᠦᠷ᠎ᠡ ᠪᠦᠲᠦᠮᠵᠢ ᠠᠴᠠ ᠦᠵᠡᠪᠡᠯ᠂ ᠪᠢᠳᠡ ᠣᠷᠭᠠᠨᠢᠭ ᠪᠣᠷᠲᠣᠭᠤᠷ ᠨᠡᠮᠡᠵᠦ ᠣᠷᠣᠭᠤᠯᠬᠤ ᠳᠠᠭᠠᠨ ᠪᠣᠷᠲᠣᠭᠤᠷ ᠥᠬᠡᠶᠢᠳᠡᠭᠦᠯᠬᠦ ᠦᠵᠡᠭᠳᠡᠯ ᠭᠠᠷᠤᠭᠰᠠᠨ ᠥᠬᠡᠶ᠂ ᠮᠠᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠡᠳᠦᠶ ᠲᠡᠳᠦᠶ ᠳᠡᠭᠡᠭᠰᠢᠯᠡᠭᠰᠡᠨ ᠪᠠᠶᠢᠨ᠎ᠠ᠂ ᠲᠡᠭᠡᠪᠡᠯ ᠪᠢᠳᠡ ᠡᠨᠡ ᠵᠢᠯ ᠦᠷᠭᠦᠯᠵᠢᠯᠡᠨ ᠠᠷᠪᠠᠨ ᠲᠠᠪᠤᠨ ᠲᠦᠮᠡᠨ ᠮᠥ ᠶᠢᠨ ᠬᠡᠪᠴᠢᠶᠡᠨ ᠳᠤ ᠣᠷᠭᠠᠨᠢᠭ ᠪᠣᠷᠲᠣᠭᠤᠷ ᠨᠡᠮᠡᠵᠦ ᠣᠷᠣᠭᠤᠯᠵᠤ᠂ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ ᠭᠡᠵᠡᠶ᠃                                                 ᠨᠠᠶᠢᠷᠠᠭᠤᠯᠤᠭᠴᠢ᠄   ᠯᠢ ᠬᠤᠩ ᠢᠦᠢ                                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2