ᠣᠳᠣᠬᠠᠨ ᠤ ᠠᠶᠤᠯᠭᠦᠶ ᠦᠢᠯᠡᠳᠪᠦᠷᠢᠯᠡᠯ ᠵᠢᠴᠢ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠠᠵᠢᠯ ᠢ | ᠦᠨᠡᠨ ᠬᠦ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 31 ᠤ ᠡᠳᠦᠷ᠂ ᠯᠢᠶᠠᠩᠴᠧᠩ ᠰᠢᠶᠠᠨ ᠤ ᠬᠤᠳᠠ ᠶᠢᠨ | ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠠᠶᠤᠯᠭᠦᠶ ᠦᠢᠯᠡᠳᠪᠦᠷᠢᠯᠡᠯ ᠵᠢᠴᠢ ᠭᠠᠯ ᠰᠡᠷᠭᠡᠶᠢᠯᠡᠨ ᠤᠨᠲᠠᠷᠠᠭᠠᠬᠤ | ᠠᠵᠢᠯ ᠤᠨ ᠬᠤᠷᠠᠯ ᠢ ᠬᠤᠷᠠᠯᠳᠤᠭᠤᠯᠪᠠ᠃ | | | | | | ᠬᠤᠷᠠᠯ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ | ᠠᠵᠢᠯ ᠳᠤ ᠨᠠᠷᠢᠨ ᠪᠠᠶᠢᠷᠢᠯᠠᠭᠤᠯᠤᠯᠲᠠ ᠬᠢᠵᠦ᠂ ᠥᠷᠭᠡᠨ ᠤᠯᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯᠴᠢᠳ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ | ᠠᠵᠢᠯ ᠤᠨ ᠦᠶ᠎ᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ ᠠᠩᠬᠠᠷᠬᠤ ᠬᠡᠷᠡᠭᠲᠡᠶ᠂ ᠢᠯᠠᠩᠭᠤᠶ᠎ᠠ | ᠥᠷᠯᠥᠭᠡ ᠦᠳᠡᠰᠢ ᠶᠢᠨ ᠦᠶ᠎ᠡ ᠶᠢᠨ ᠭᠡᠷᠡᠯ ᠪᠦᠳᠡᠭᠢᠷᠡᠬᠦ ᠦᠶ᠎ᠡ ᠳᠤ ᠵᠠᠮ ᠢ ᠴᠡᠪᠡᠷᠯᠡᠬᠦ ᠦᠶ᠎ᠡ ᠳᠤ ᠵᠢᠯᠣᠭᠤᠴᠢ ᠶᠢᠨ | ᠬᠠᠷᠠᠭᠠᠨ ᠤ ᠵᠠᠶ ᠶᠢᠨ ᠠᠰᠠᠭᠤᠳᠠᠯ ᠠᠴᠠ ᠪᠣᠯᠵᠤ ᠵᠠᠮ ᠬᠠᠷᠢᠯᠴᠠᠭᠠᠨ ᠤ ᠠᠳᠡᠯ ᠠᠮᠠᠷᠬᠠᠨ ᠭᠠᠷᠳᠠᠭ ᠬᠤᠶᠠᠷ ᠲᠤ | ᠮᠧᠬᠠᠨᠢᠭ ᠢ ᠬᠡᠷᠡᠭᠯᠡᠬᠦ ᠶᠠᠪᠤᠴᠠ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢ ᠠᠩᠬᠠᠷᠬᠤ ᠬᠡᠷᠡᠭᠲᠡᠶ᠄ ᠵᠢᠱᠢᠶᠡᠯᠡᠪᠡᠯ | ᠬᠤᠭ ᠨᠣᠪᠰᠢ ᠶᠢᠨ ᠲᠠᠯᠠᠪᠠᠢ᠂ ᠬᠠᠶᠠᠭᠳᠠᠮᠠᠯ ᠬᠤᠭ ᠨᠣᠪᠰᠢ ᠶᠢᠨ ᠣᠪᠣᠭᠠᠨ ᠤ ᠬᠤᠭ ᠨᠣᠪᠰᠢ ᠶᠢ ᠴᠡᠪᠡᠷᠯᠡᠬᠦ ᠵᠡᠷᠭᠡ | ᠦᠶ᠎ᠡ ᠳᠤ ᠤᠶᠤᠨ ᠴᠢᠳᠠᠯ ᠢᠶᠠᠨ ᠲᠥᠪᠯᠡᠷᠡᠭᠦᠯᠵᠦ᠂ ᠠᠩᠬᠠᠷᠤᠯ ᠰᠠᠷᠨᠢᠬᠤ ᠠᠴᠠ ᠪᠤᠯᠵᠤ ᠡ᠊ᠨᠳᠡᠯ ᠭᠠᠷᠬᠤ ᠠᠴᠠ | ᠰᠡᠷᠭᠡᠶᠢᠯᠡᠬᠦ ᠬᠡᠷᠡᠭᠲᠡᠶ︔ ᠭᠤᠷᠪᠠ ᠳᠤ᠂ ᠬᠠᠶᠠᠭᠳᠠᠮᠠᠯ ᠪᠣᠳᠠᠰ ᠢ ᠵᠦᠰᠦᠵᠦ ᠰᠢᠷᠬᠠᠲᠤᠭᠤᠯᠬᠤ ᠶᠢ ᠠᠩᠬᠠᠷᠬᠤ ᠬᠡᠷᠡᠭᠲᠡᠶ | ᠄ ᠶᠡᠭᠡ ᠬᠡᠮᠵᠢᠶᠡᠨ ᠤ ᠭᠤᠯᠣᠭᠳᠠᠭᠰᠠᠨ ᠶᠠᠭᠤᠮ᠎ᠠ ᠶᠢ ᠴᠡᠪᠡᠷᠯᠡᠬᠦ ᠳᠡᠭᠡᠨ ᠵᠢᠪᠡᠷᠡᠭᠰᠡᠨ ᠲᠡᠮᠦᠷ ᠬᠠᠳᠠᠭᠠᠰᠤ᠂ ᠬᠠᠭᠠᠷᠬᠠᠶ | ᠰᠢᠯ ᠵᠡᠷᠭᠡ ᠬᠤᠷᠴᠠ ᠶᠠᠭᠤᠮ᠎ᠠ ᠶᠢ ᠵᠦᠰᠦᠵᠦ ᠰᠢᠷᠬᠠᠲᠤᠭᠤᠯᠬᠤ ᠶᠢ ᠠᠩᠬᠠᠷᠬᠤ ᠬᠡᠷᠡᠭᠲᠡᠶ︔ ᠲᠦᠷᠪᠡ ᠳᠤ᠂ | ᠣᠨᠴᠠᠭᠠᠢ ᠴᠠᠭ ᠠᠭᠤᠷ ᠤᠨ ᠳᠣᠣᠷᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ | ᠬᠡᠷᠡᠭᠲᠡᠢ᠄ ᠪᠣᠷᠣᠭᠠᠨ ᠴᠠᠰᠤ ᠲᠠᠢ ᠴᠠᠭ ᠠᠭᠤᠷ ᠲᠣᠬᠢᠶᠠᠯᠳᠤᠪᠠᠯ᠂ ᠵᠠᠮ ᠮᠥᠰᠥ ᠬᠥᠯᠳᠡᠨ᠎ᠡ᠂ ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯᠴᠢᠳ ᠠᠮᠤᠷ ᠲᠦᠪᠰᠢᠨ ᠤ ᠠᠵᠢᠯ ᠤᠨ ᠬᠤᠪᠴᠠᠰᠤ ᠪᠠᠨ ᠡᠮᠦᠰᠴᠦ᠂ ᠠᠵᠢᠯᠯᠠᠬᠤ | ᠦᠶ᠎ᠡ ᠳᠡᠭᠡᠨ ᠨᠠᠰᠢ ᠴᠠᠰᠢ ᠥᠩᠭᠡᠷᠡᠬᠦ ᠲᠡᠷᠭᠡ ᠶᠢ ᠠᠩᠬᠠᠷᠴᠤ᠂ ᠴᠠᠰᠤ ᠣᠷᠣᠵᠤ ᠵᠠᠮ ᠬᠠᠯᠲᠤᠷᠢᠬᠤ ᠠᠴᠠ ᠪᠤᠯᠵᠤ | ᠠᠮᠤᠷ ᠲᠦᠪᠰᠢᠨ ᠤ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ︔ ᠲᠠᠪᠤ ᠳᠤ᠂ ᠥᠨᠳᠥᠷ ᠣᠭᠲᠠᠷᠭᠤᠶ ᠳᠤ | ᠤᠨᠠᠭᠰᠠᠨ ᠶᠠᠭᠤᠮ᠎ᠠ ᠶᠢ ᠪᠠᠯᠪᠠᠴᠢᠵᠤ ᠰᠢᠷᠬᠠᠲᠤᠭᠤᠯᠤᠭᠰᠠᠨ ᠡ᠊ᠨᠳᠡᠯ ᠢ ᠠᠩᠬᠠᠷᠬᠤ ᠬᠡᠷᠡᠭᠲᠡᠶ᠄ ᠥᠨᠳᠥᠷ ᠪᠠᠷᠢᠯᠭ᠎ᠠ ᠶᠢᠨ | ᠭᠠᠵᠠᠷ ᠳᠣᠣᠷ᠎ᠠ ᠠᠵᠢᠯᠯᠠᠬᠤ ᠪᠤᠶᠤ ᠵᠡᠭᠡᠯᠢ ᠭᠤᠳᠤᠮᠵᠢ ᠶᠢᠨ ᠵᠠᠷ ᠤᠨ ᠫᠠᠶᠢᠰᠠ ᠶᠢᠨ ᠳᠣᠣᠷ᠎ᠠ ᠠᠵᠢᠯᠯᠠᠬᠤ ᠦᠶ᠎ᠡ ᠳᠤ᠂ | ᠣᠨᠴᠠᠭᠠᠶᠢᠯᠠᠨ ᠰᠠᠯᠬᠢ ᠰᠠᠯᠬᠢᠯᠠᠭᠰᠠᠨ ᠴᠠᠭ ᠠᠭᠤᠷ ᠤᠨ ᠦᠶ᠎ᠡ ᠳᠤ ᠤᠨᠠᠭᠰᠠᠨ ᠶᠠᠭᠤᠮ᠎ᠠ ᠶᠢ ᠡᠷᠬᠡᠪᠰᠢ ᠠᠩᠬᠠᠷᠴᠤ | ᠬᠥᠮᠦᠨ ᠢ ᠰᠢᠷᠬᠠᠲᠤᠭᠤᠯᠬᠤ ᠶᠢ ᠠᠩᠬᠠᠷᠬᠤ ᠬᠡᠷᠡᠭᠲᠡᠶ᠃ ᠵᠢᠷᠭᠤᠭ᠎ᠠ ᠳᠤ᠂ ᠢᠳᠡᠭᠡᠨ ᠤᠮᠳᠠᠭᠠᠨ ᠤ ᠠᠮᠤᠷ | ᠲᠦᠪᠰᠢᠨ ᠢ ᠠᠩᠬᠠᠷᠬᠤ ᠬᠡᠷᠡᠭᠲᠡᠶ᠃ | | ᠬᠤᠷᠠᠯ ᠠᠴᠠ ᠱᠠᠭᠠᠷᠳᠠᠭᠰᠠᠨ ᠨᠢ᠂ ᠬᠠᠮᠢᠶᠠᠷᠤᠯᠲᠠ ᠶᠢᠨ ᠠᠵᠢᠯᠲᠠᠳ ᠥᠪᠡᠷ ᠤᠨ ᠬᠠᠮᠢᠶᠠᠷᠴᠤ ᠪᠠᠶᠢᠭ᠎ᠠ ᠣᠷᠣᠨ | ᠪᠦᠰᠡ ᠳᠡᠭᠡᠨ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠠᠩᠬᠠᠷᠴᠤ᠂ ᠠᠰᠠᠭᠤᠳᠠᠯ ᠢ ᠣᠯᠵᠤ | ᠮᠡᠳᠡᠪᠡᠯ ᠬᠠᠮᠤᠭ ᠤᠨ ᠲᠡᠷᠢᠭᠦᠨ ᠳᠤ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ᠂ ᠡᠯ᠎ᠡ ᠲᠥᠷᠥᠯ ᠤᠨ ᠠᠶᠤᠯ | ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠢᠯᠠᠩᠭᠤᠶ᠎ᠠ ᠬᠠᠩᠰᠢ ᠶᠢᠨ ᠡᠳᠦᠷ | ᠪᠣᠯᠬᠤ ᠭᠡᠵᠦ ᠪᠠᠶᠢᠭ᠎ᠠ ᠦᠶ᠎ᠡ ᠳᠤ ᠭᠠᠯ ᠢ ᠰᠡᠷᠭᠡᠶᠢᠯᠡᠬᠦ ᠡᠭᠦᠷᠭᠡ ᠬᠦᠨᠳᠦᠷᠡᠵᠦ᠂ ᠵᠠᠩ ᠳᠠᠳᠬᠠᠯ ᠢᠶᠠᠷ ᠪᠣᠯ ᠬᠡᠰᠡᠭ | ᠣᠯᠠᠨ ᠲᠦᠮᠡᠨ ᠪᠠᠰᠠ ᠲᠤᠬᠠᠶ ᠶᠢᠨ ᠭᠠᠵᠠᠷ ᠲᠠᠭᠠᠨ ᠴᠠᠭᠠᠰᠤᠨ ᠵᠣᠭᠤᠰ ᠰᠢᠲᠠᠭᠠᠵᠤ᠂ ᠭᠠᠯ ᠤᠨ ᠭᠠᠮᠰᠢᠭ ᠤᠨ | ᠠᠶᠤᠯ ᠲᠦᠭᠰᠢᠭᠦᠷᠢ ᠨᠡᠯᠢᠶᠡᠳ ᠶᠡᠭᠡ ᠪᠠᠶᠢᠭ᠎ᠠ ᠪᠣᠯᠬᠤᠷ ᠴᠠᠭ ᠲᠤᠬᠠᠶ ᠳᠤᠨᠢ ᠣᠯᠠᠨ ᠢ ᠵᠢᠯᠣᠭᠤᠳᠤᠨ ᠢᠳᠬᠠᠵᠤ | ᠪᠠᠶᠢᠭᠠᠳ ᠠᠮᠤᠷ ᠲᠦᠪᠰᠢᠨ ᠢᠶᠠᠷ ᠭᠠᠯ ᠤᠨ ᠠᠶᠤᠯ ᠭᠠᠷᠭᠠᠵᠤ᠂ ᠪᠣᠯᠪᠠᠰᠤᠨ ᠢᠶᠠᠷ ᠲᠠᠬᠢᠯᠭ᠎ᠠ ᠬᠢᠯᠭᠡᠬᠦ ᠬᠡᠷᠡᠭᠲᠡᠶ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |