ᠯᠢᠶᠠᠩᠴᠧᠩ ᠰᠢᠶᠠᠨ ᠤ 14  ᠴᠢᠬᠤᠯᠠ ᠶᠡᠭᠡ ᠲᠦᠷᠦᠯ ᠵᠤᠶᠢᠯ ᠢ ᠵᠠᠯᠭᠠᠭ᠎ᠠ ᠪᠠᠷ ᠠᠵᠢᠯ ᠡᠬᠢᠯᠡᠭᠦᠯᠵᠦ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2022/4/13
   ᠬᠠᠪᠤᠷ ᠤᠨ ᠤᠷᠢᠬᠠᠨ ᠰᠠᠯᠬᠢ ᠰᠡᠷᠴᠢᠭᠢᠨᠡᠵᠦ᠂ ᠲᠦᠮᠡᠨ ᠪᠣᠳᠠᠰ ᠠᠮᠢᠯᠠᠨ ᠰᠡᠷᠭᠦᠵᠦ᠂ ᠲᠦᠷᠪᠡᠨ ᠰᠠᠷ᠎ᠠ ᠶᠢᠨ ᠯᠢᠶᠠᠩᠴᠧᠩ ᠬᠤᠳᠠ ᠶᠢᠨ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠤᠢᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ 2022 ᠣᠨ ᠳᠤ ᠬᠡᠷᠡᠭᠵᠢᠭᠦᠯᠬᠦ ᠪᠠᠷ ᠲᠥᠯᠥᠪᠯᠡᠭᠰᠡᠨ 14 ᠴᠢᠬᠤᠯᠠ ᠶᠡᠭᠡ ᠲᠦᠷᠦᠯ ᠵᠦᠢᠯ ᠵᠠᠯᠭᠠᠭ᠎ᠠ ᠪᠠᠷ ᠠᠵᠢᠯ ᠢᠶᠠᠨ ᠡᠬᠢᠯᠡᠭᠦᠯᠵᠦ᠂ ᠶᠡᠬᠡᠪᠡᠷ ᠠᠵᠢᠯᠯᠠᠵᠤ ᠪᠣᠳᠠᠲᠠᠢ ᠠᠵᠢᠯᠯᠠᠵᠤ ᠪᠠᠶᠢᠭ᠎ᠠ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠬᠥᠰᠢᠭᠡ ᠶᠢ ᠠᠯᠭᠤᠷᠬᠠᠨ ᠢᠶᠠᠷ ᠰᠡᠬᠦᠪᠡ᠃
        ᠰᠤᠷᠪᠤᠯᠵᠢᠯᠠᠭᠴᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠵᠢᠱᠢᠯᠲᠡ ᠪᠠᠷ 2022 ᠣᠨ ᠤ ᠴᠢᠬᠤᠯᠠ ᠶᠡᠭᠡ ᠲᠥᠷᠥᠯ  ᠵᠤᠶᠢᠯ ᠨᠡᠶᠢᠲᠡ 16 ᠪᠠᠶᠢᠵᠤ᠂ 29.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ 9 ᠲᠥᠷᠥᠯ ᠵᠦᠶ᠋ᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 13.1 ᠳ᠋ᠦᠩᠰᠢᠭᠤᠷ ᠲᠥᠭᠦᠷᠢᠭ ᠪᠠᠶᠢᠵᠤ᠂ ᠡᠨᠡ ᠵᠢᠯ 4.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠳᠣ ᠪᠣᠯᠲᠠᠯ᠎ᠠ᠂ ᠯᠢᠶᠠᠩᠴᠧᠩ ᠰᠢᠶᠠᠨ ᠤ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠪᠠᠶᠢᠭᠤᠯᠵᠤ᠂ ᠥᠪᠥᠷ ᠮᠣᠩᠭᠤᠯ ᠤᠨ ᠳᠠᠭᠠ ᠶᠢᠨ ᠨᠠᠭᠤᠷ ᠤᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠳᠦ ᠲᠣᠮᠣ ᠠᠯᠭᠠᠰᠠᠯᠳᠤ ᠪᠦᠷᠬᠦᠪᠴᠢ ᠶᠢᠨ ᠪᠦᠲᠦᠴᠡ ᠶᠢᠨ ᠪᠦᠷᠢᠨ ᠪᠢᠲᠡᠭᠦᠮᠵᠢᠯᠡᠭᠰᠡᠨ ᠨᠡᠭᠦᠷᠡᠰᠦᠨ ᠲᠠᠯᠠᠪᠠᠶ ᠶᠢᠨ ᠵᠢᠱᠢᠶ᠎ᠡ ᠦᠵᠡᠭᠦᠯᠬᠦ ᠪᠠ ᠬᠡᠷᠡᠭᠯᠡᠭᠡᠨ ᠤ ᠲᠥᠷᠥᠯ ᠵᠦᠢᠯ᠂ ᠡᠮᠦᠨ᠎ᠡ ᠶᠡᠭᠡ ᠵᠡᠭᠡᠯᠢ ᠶᠢᠨ ᠪᠤᠴᠠᠨ ᠨᠡᠭᠦᠬᠦ ᠪᠠᠭ᠎ᠠ ᠲᠣᠭᠤᠷᠢᠭ ᠤᠨ ᠪᠠᠲᠤᠯᠠᠭ᠎ᠠ ᠶᠢᠨ ᠣᠷᠣᠨ ᠰᠠᠭᠤᠴᠠ ᠶᠢᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠢᠶᠠᠨ ᠤ ᠡᠮᠨᠡᠯᠭᠡ ᠶᠢᠨ ᠬᠤᠷᠢᠶ᠎ᠠ ᠡᠭᠦᠳᠡᠨ ᠡᠮᠨᠡᠯᠭᠡ ᠶᠢᠨ ᠪᠠᠴᠢᠮ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠴᠢᠨᠠᠷ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠰᠢᠩ ᠳ᠋ᠠ ᡁᠢ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠨ ᠺᠠᠩ ᠭᠡᠷ ᠣᠷᠣᠨ ︵ᠢᠵᠢ ᠪᠦᠷᠢᠨ ᠪᠤᠰᠤ︶ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ ᠢᠵᠢ ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂  ᠲᠠᠭ᠎ᠠ ᠶᠢᠨ ᠨᠠᠭᠤᠷ ᠤᠨ ᠬᠥᠩ ᠪᠠ ᠾᠧ ᠭᠤᠣᠯ ᠤᠨ ᠠᠳᠠᠭ ᠢ ᠬᠠᠰᠢᠵᠤ ᠴᠡᠪᠡᠷᠰᠢᠭᠦᠯᠬᠦ ᠢᠨᠵᠧᠨᠧᠷᠢᠩ᠂  ᠲᠠᠭ᠎ᠠ ᠶᠢᠨ ᠨᠠᠭᠤᠷ ᠤᠨ ᠬᠥᠪᠡᠭᠡᠨ ᠤ ᠨᠠᠮᠬᠠᠳᠬᠠᠯ ᠪᠦᠰᠡ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ᠂ ᠳᠠᠭᠠ ᠶᠢᠨ ᠨᠠᠭᠤᠷ ᠢ ᠲᠣᠭᠤᠷᠢᠭᠰᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠵᠠᠯᠭᠠᠯᠳᠤᠭᠠᠪᠠᠷ ᠠᠵᠢᠯ ᠢᠶᠠᠨ ᠡᠬᠢᠯᠡᠭᠦᠯᠪᠡ᠃    ᠪᠤᠰᠤᠳ ᠭᠤᠣᠯᠳᠠᠯᠭ᠎ᠠ ᠲᠠᠢ ᠲᠦᠷᠦᠯ ᠵᠦᠢᠯ ᠢ ᠴᠦ ᠪᠠᠴᠢᠮ ᠶᠠᠭᠠᠷᠠᠯᠲᠠᠢ ᠠᠬᠢᠭᠤᠯᠤᠨ ᠬᠡᠷᠡᠭᠵᠢᠭᠦᠯᠵᠦ ᠪᠤᠢ᠃
       ᠬᠠᠪᠤᠷ ᠤᠨ ᠲᠦᠯᠬᠢᠯᠲᠡ ᠳᠠᠪᠠᠯᠭᠠᠯᠠᠨ ᠳᠠᠪᠠᠯᠭᠠᠯᠠᠵᠤ ᠪᠠᠶᠢᠭ᠎ᠠ ᠭᠠᠵᠠᠷ ᠲᠤ᠂ ᠪᠣᠳᠠᠲᠠᠢ ᠠᠵᠢᠯᠯᠠᠵᠤ ᠰᠢᠨ᠎ᠡ ᠠᠶᠠᠨ ᠢᠶᠠᠨ ᠡᠬᠢᠯᠡᠭᠦᠯᠦᠨ᠎ᠡ᠃ ᠵᠢᠯ ᠥᠩᠭᠡᠷᠡᠭᠰᠡᠨ ᠠᠴᠠ ᠨᠠᠰᠢ᠂ ᠯᠢᠶᠠᠩᠴᠧᠩ ᠰᠢᠶᠠᠨ ᠤ ᠬᠢᠨ ︽ᠲᠥᠷᠥᠯ ᠵᠦᠢᠯ ᠢ ᠶᠡᠭᠡ ᠪᠠᠷ ᠠᠳᠬᠤᠵᠤ᠂ ᠲᠣᠮᠣ ᠲᠥᠷᠥᠯ ᠵᠦᠢᠯ ᠢ ᠠᠳᠬᠤᠵᠤ᠂ ᠲᠥᠷᠥᠯ ᠵᠦᠢᠯ ᠢ ᠪᠣᠳᠠᠲᠠᠶ ᠪᠠᠷ ᠠᠳᠬᠤᠬᠤ︾ ᠣᠶᠢᠯᠠᠭᠠᠭᠳᠠᠬᠤᠨ ᠢ ᠪᠤᠶ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠬᠤ ᠡᠷᠴᠢᠮ ᠢ ᠴᠢᠩᠭᠠᠷᠠᠭᠤᠯᠤᠨ᠂ ᠲᠥᠷᠥᠯ ᠵᠦᠶ᠋ᠯ ᠢ ᠲᠥᠯᠥᠪᠯᠡᠬᠦ ᠰᠡᠳᠬᠢᠮᠵᠢ ᠬᠠᠷᠠᠯᠲᠠ ᠶᠢ ᠪᠣᠳᠠᠲᠠᠶ ᠠᠵᠢᠯᠯᠠᠬᠤ᠂ ᠭᠤᠤᠯᠳᠠᠯᠭ᠎ᠠ ᠲᠠᠢ ᠰᠢᠪᠲᠤᠯᠬᠤ ᠪᠣᠳᠠᠲᠠᠶ ᠠᠷᠭ᠎ᠠ ᠪᠣᠯᠭᠠᠨ ᠬᠤᠪᠢᠷᠠᠭᠤᠯᠵᠤ᠂ ᠳᠠᠪᠠᠭᠤᠯᠢᠭ ᠢ ᠡᠬᠢᠯᠡᠯᠲᠡ ᠶᠢᠨ ᠬᠠᠨᠳᠤᠰᠢ᠂ ᠬᠥᠭᠵᠢᠯᠲᠡ ᠶᠢᠨ ᠬᠠᠨᠳᠤᠰᠢ᠂ ᠢᠯᠠᠯᠲᠠ ᠶᠢᠨ ᠬᠠᠨᠳᠤᠰᠢ ᠪᠥᠬᠦᠶ ᠪᠣᠳᠠᠲᠠᠶ ᠠᠵᠢᠯᠯᠠᠬᠤ ᠠᠵᠢᠯᠯᠠᠭ᠎ᠠ ᠪᠣᠯᠭᠠᠨ ᠬᠤᠪᠢᠷᠠᠭᠤᠯᠵᠤ᠂ ︽ᠲᠥᠯᠥᠪᠵᠢᠭᠦᠯᠭᠡ ᠶᠢᠨ ᠵᠢᠷᠤᠭ︾ ᠢ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠦᠴᠦᠷᠬᠡᠭ ᠶᠡᠭᠡ ᠬᠦᠴᠦᠨ ᠴᠢᠳᠠᠯ ᠢ ᠬᠤᠷᠠᠮᠳᠤᠭᠤᠯᠬᠤ ᠬᠡᠷᠡᠭᠲᠡᠶ᠃                                                 ᠨᠠᠶᠢᠷᠠᠭᠤᠯᠤᠭᠴᠢ᠄  ᠯᠢ ᠬᠤᠩ ᠢᠦᠢ                                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2