ᠶᠣᠰᠣ ᠰᠤᠷᠲᠠᠬᠤᠨ ᠤ ᠵᠢᠱᠢᠶᠡᠴᠢ ᠶᠢᠨ ᠦᠢᠯᠡ ᠠᠵᠢᠯᠯᠠᠭ᠎ᠠ ᠶᠢᠨ ᠦᠵᠡᠭᠦᠯᠦᠯᠭᠡ᠄ ᠳ᠋ᠦᠩ ᠬᠤᠩ ᠷᠦ᠋  ︵ ᠬᠤᠶᠠᠷ︶
ᠨᠡᠶᠢᠲᠡᠯᠡᠭᠰᠡᠨ ᠴᠠᠭ᠄
2022/4/13
 
   1958 ᠣᠨ ᠳᠤ᠂ 19 ᠨᠠᠰᠤᠲᠠᠢ ᠳ᠋ᠦᠩ ᠬᠤᠩ ᠷᠦ᠋ ᠪᠤᠶᠢᠳᠠ ᠪᠥᠭᠯᠡᠭᠦᠦ ᠰᠤᠮᠤᠨ ᠤ ᠠᠭᠤᠯᠠᠨ ᠤᠢ ᠰᠢᠭᠤᠢ ᠶᠢᠨ ᠲᠠᠯᠠᠪᠠᠢ ᠳᠤ ᠲᠣᠮᠢᠯᠠᠭᠳᠠᠨ ᠠᠵᠢᠯᠯᠠᠵᠠᠢ᠃ ᠰᠤᠮᠤᠨ ᠤ ᠠᠭᠤᠯᠠᠷᠬᠠᠭ ᠣᠷᠣᠨ ᠤ ᠲᠠᠯᠠᠪᠠᠢ 32.6 ᠲᠦᠮᠡᠨ ᠮᠦ ᠳᠤ ᠬᠦᠷᠴᠦ᠂ ᠡᠯᠳᠡᠪ ᠡᠪᠡᠰᠦ ᠪᠠᠭᠰᠢᠷᠠᠨ ᠤᠷᠭᠤᠵᠤ᠂ ᠠᠲᠠᠷᠰᠢᠭᠰᠠᠨ ᠦᠵᠡᠮᠵᠢ ᠶᠢᠨ ᠡᠮᠦᠨ᠎ᠡ᠂ ᠳ᠋ᠦᠩ ᠬᠤᠩ ᠷᠦ᠋ ᠠᠭᠯᠠᠭ ᠠᠭᠤᠯᠠ ᠬᠤᠵᠢᠭᠢᠷ ᠳᠠᠪᠠᠭ᠎ᠠ ᠶᠢ ᠥᠭᠡᠷᠡᠴᠢᠯᠡᠬᠦ ᠬᠦᠰᠡᠯ ᠵᠣᠷᠢᠯᠲᠠ ᠪᠠᠨ ᠰᠡᠮᠡᠷᠬᠡᠨ ᠲᠣᠭᠲᠠᠭᠠᠵᠠᠢ᠃     ᠳ᠋ᠦᠩ ᠬᠤᠩ ᠷᠦ᠋ ᠠᠵᠢᠯ ᠠᠴᠠ ᠪᠠᠨ ᠠᠮᠠᠷᠠᠬᠤ ᠠᠴᠠ ᠡᠮᠦᠨᠡᠬᠢ 42 ᠵᠢᠯ ᠤᠨ ᠬᠤᠭᠤᠴᠠᠭᠠᠨ ᠳᠤ᠂ ᠲᠡᠷᠡ ᠥᠪᠡᠷ ᠤᠨ ᠴᠢᠩ ᠰᠡᠳᠬᠢᠯ ᠠᠴᠠ ᠪᠠᠨ ᠬᠠᠶᠢᠷᠠᠯᠠᠵᠤ ᠪᠠᠶᠢᠭᠰᠠᠨ ᠣᠶᠢᠵᠢᠭᠤᠯᠵᠤ ᠨᠣᠭᠤᠭᠠᠷᠠᠭᠤᠯᠬᠤ ᠹᠷᠣᠨᠲ ᠠᠴᠠ ᠪᠠᠨ ᠶᠡᠷᠦ ᠠᠴᠠ ᠰᠠᠯᠵᠤ ᠦᠵᠡᠭᠡ ᠦᠭᠡᠢ ᠶᠤᠮ᠃ ᠣᠳᠣᠬᠠᠨ ᠳᠤ᠂ ᠰᠤᠮᠤ ᠶᠢᠨ ᠠᠭᠤᠯᠠ ᠶᠢᠨ ᠤᠢ ᠰᠢᠭᠤᠢ ᠶᠢᠨ ᠲᠠᠯᠠᠪᠠᠢ 18.6 ᠲᠦᠮᠡᠨ ᠮᠦ ᠳᠤ ᠬᠦᠷᠴᠦ᠂ ᠤᠮᠠᠷᠠᠲᠤ ᠶᠢᠨ ᠬᠠᠷᠭᠠᠢ ᠨᠠᠷᠠᠰᠤ ᠪᠠᠷ ᠭᠤᠣᠯ ᠪᠣᠯᠭᠠᠭᠰᠠᠨ 1000 ᠭᠠᠷᠤᠢ ᠲᠦᠮᠡᠨ ᠰᠠᠭᠤᠷᠢ ᠮᠣᠳᠣ ᠬᠡᠳᠦᠨ ᠠᠷᠪᠠᠨ ᠠᠭᠤᠯᠠᠨ ᠤᠷᠤᠢ ᠳᠤ ᠦᠷᠭᠦᠯᠵᠢᠯᠡᠨ ᠳᠡᠯᠭᠡᠭᠳᠡᠵᠦ᠂ ᠥᠷᠭᠡᠨ ᠠᠭᠤᠳᠠᠮ ᠨᠣᠭᠤᠭᠠᠨ ᠲᠠᠯᠠᠢ ᠲᠠᠩᠭᠢᠰ ᠢ ᠪᠦᠷᠢᠯᠳᠦᠭᠦᠯᠵᠡᠢ᠃ ᠲᠤᠰᠬᠠᠶ ᠮᠡᠷᠭᠡᠵᠢᠯᠲᠡᠨ ᠤ ᠵᠢᠱᠢᠭᠰᠡᠨ ᠢᠶᠠᠷ᠂ ᠰᠤᠮᠤ ᠶᠢᠨ ᠠᠭᠤᠯᠠᠨ ᠣᠶ ᠶᠢᠨ ᠲᠠᠯᠠᠪᠠᠶ ᠶᠢᠨ ᠠᠮᠢ ᠠᠬᠤᠶ ᠶᠢᠨ ᠥᠷᠲᠡᠭ 36 ᠳ᠋ᠦᠩᠰᠢᠭᠤᠷ ᠭᠠᠷᠤᠶ ᠲᠥᠭᠦᠷᠢᠭ ᠲᠤ ᠬᠦᠷᠴᠡᠶ᠃    ᠳ᠋ᠦᠩ ᠬᠤᠩ ᠷᠦ᠋ ᠤᠷᠢᠳ ᠬᠤᠵᠢᠳ 4 ᠤᠳᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠠ ᠬᠥᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠵᠦ᠂ ᠪᠠᠰᠠ ᠪᠦᠬᠦ ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠤᠨ ᠲᠡᠮᠳᠡᠭ ᠢ ᠬᠦᠷᠳᠡᠵᠦ᠂ 1989 ᠣᠨ ᠤ 9 ᠰᠠᠷ᠎ᠠ ᠳᠤ ᠲᠦᠷᠦ ᠶᠢᠨ ᠶᠠᠪᠤᠳᠠᠯ ᠤᠨ  ᠬᠤᠷᠢᠶ᠎ᠠ ᠠᠴᠠ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠶᠢᠨ ᠴᠣᠯᠠ ᠬᠦᠷᠳᠡᠪᠡ᠃                                              ᠨᠠᠶᠢᠷᠠᠭᠤᠯᠤᠭᠴᠢ᠄ ᠯᠢ ᠰᠢᠶᠤᠤ ᠵᠢᠤᠸᠠᠨ                                            ᠤᠷᠴᠢᠭᠤᠯᠤᠭᠴᠢ᠄ ᠼᠦᠢ ᠴᠢᠩ                                            ᠠᠩᠬᠠᠨ ᠤ ᠬᠢᠨᠠᠯᠲᠠ᠄ ᠪᠠᠢ ᠬᠤᠤ ᠶᠠᠩ                                           ᠡᠴᠦᠰ ᠤᠨ ᠬᠢᠨᠠᠯᠲᠠ᠄ ᠵᠢᠶᠠ ᠢᠦᠶ ᠰᠢᠶᠠᠩ
 
ᠢᠷᠡᠯᠲᠡ᠄ ᠠᠮᠢᠵᠢᠷᠠᠯ ᠤᠨ ᠪᠢᠯᠬᠠᠭᠰᠠᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2