ᠰᠢᠶᠠᠨ ᠤ ᠵᠠᠰᠠᠭ ᠤᠨ ᠣᠷᠳᠣᠨ ᠤ 2022 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/17
      4 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2022 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ‍ᠤᠤᠢ ᠵᠢᠶᠠᠨ ᠹᠧᠩ᠂ ᠾᠧᠦ ᠵᠢᠶᠦ᠋ᠨ ᠢᠦᠶ᠂ ᠵᠧᠩ ᠶᠠᠨ ᠹᠠᠩ᠂  ᠹᠧᠩ ᠵᠢᠶᠦ᠋ᠨ᠂ ᠶᠠᠩ ᠬᠤᠩ᠂ ᠵᠠᠶ ᠵᠢᠶ ᠴᠢᠩ ᠬᠤᠷᠠᠯ ᠳᠤ ᠣᠷᠣᠯᠴᠠᠵᠠᠶ᠃
          ᠬᠤᠷᠠᠯ ᠠᠴᠠ ︽ᠯᠢᠶᠠᠩᠴᠧᠩ ᠰᠢᠶᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠨ ᠦᠢᠯᠡᠴᠢᠯᠡᠬᠦ ᠠᠵᠢᠯ ᠤᠨ ᠬᠡᠷᠡᠭᠵᠢᠭᠦᠯᠬᠦ ᠲᠥᠰᠦᠯ ︵ᠶᠠᠷᠢᠯᠴᠠᠬᠤ ᠨᠤᠤᠷᠠᠭ︶︾᠂ ︽ᠯᠢᠶᠠᠩᠴᠧᠩ ᠰᠢᠶᠠᠨ ᠤ ᠨᠡᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠡᠭᠦᠷᠭᠡ ᠶᠢᠨ ᠨᠠᠷᠢᠨ ᠲᠠᠩᠰᠠ︾ ᠪᠣᠯᠤᠨ ︽ᠯᠢᠶᠠᠩᠴᠧᠩ ᠰᠢᠶᠠᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠡᠰ ᠲᠣᠭᠲᠠᠭᠠᠬᠤ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ︾᠂ ︽ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠶᠢᠨ ᠲᠡᠰ ᠲᠣᠭᠲᠠᠭᠠᠬᠤ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠦᠷ᠎ᠡ ᠪᠦᠲᠦᠭᠡᠯ︾᠂ ︽ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠦᠷ᠎ᠡ ᠪᠦᠲᠦᠭᠡᠯ︾ ᠢ ᠬᠢᠨᠠᠨ ᠵᠥᠪᠯᠡᠪᠡ ᠃ ᠬᠤᠷᠠᠯ ᠠᠴᠠ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠬᠤᠪᠢᠶᠠᠷᠢᠯᠠᠨ ᠰᠢᠯᠵᠢᠭᠦᠯᠬᠦ᠂ ᠰᠢᠶᠠᠩ ᠪᠠᠯᠭᠠᠰᠤᠨ ᠳᠤ ᠵᠠᠰᠠᠭ ᠵᠠᠬᠢᠷᠭᠠᠨ ᠤ ᠡᠷᠬᠡ ᠣᠯᠭᠤᠬᠤ᠂ ᠳᠠᠭᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤᠨ ᠤ ᠬᠤᠶᠢᠲᠤ ᠬᠡᠰᠡᠭ ᠢ ᠬᠤᠯᠪᠣᠭᠰᠠᠨ ᠵᠠᠮ ᠤᠨ ᠪᠥᠲᠥᠭᠡᠨ ᠪᠠᠶᠢᠭᠤᠯᠤᠯᠲᠠ᠂ ᠥᠪᠥᠷ ᠮᠣᠩᠭᠤᠯ ᠤᠨ ᠯᠢᠶᠠᠩᠴᠧᠩ  ᠰᠢᠶᠠᠨ ᠤ ᠤᠯᠤᠰ ᠤᠨ ᠠᠮᠤ ᠪᠤᠳᠠᠭᠠᠨ ᠤ ᠨᠥᠭᠡᠴᠡ ᠶᠢᠨ ᠬᠥᠮᠥᠷᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ  ᠵᠤᠶᠢᠯ ᠤᠨ ᠭᠠᠵᠠᠷ ᠰᠢᠷᠣᠶ ᠶᠢ ᠬᠤᠪᠢᠶᠠᠷᠢᠯᠠᠨ ᠰᠠᠯᠭᠠᠬᠤ ᠪᠠ ᠰᠢᠤᠸᠠᠨ ᠳᠤ ᠨᠢᠩ ᠶᠤᠸᠠᠨ ᠵᠡᠭᠡᠯᠢ ᠶᠢᠨ ᠭᠠᠳᠠᠷ ᠬᠡᠷᠡᠮ ᠤᠨ ᠰᠢᠷ ᠤᠨ ᠢᠨᠵᠧᠨᠧᠷᠢᠩ ᠵᠡᠷᠭᠡ ᠵᠦᠶ᠋ᠯᠡᠰ ᠲᠤ ᠲᠣᠬᠢᠷᠠᠭᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
         ᠬᠤᠷᠠᠯ ᠠᠴᠠ ᠴᠢᠬᠤᠯᠠᠴᠢᠯᠠᠭᠰᠠᠨ ᠨᠢ      ᠴᠢᠨᠠᠷ ᠰᠠᠶᠢᠲᠠᠢ ᠡᠵᠡᠩᠨᠡᠯᠲᠡ ᠶᠢᠨ ᠣᠷᠴᠢᠨ ᠲᠣᠭᠤᠷᠢᠨ ᠪᠣᠯ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠦᠩ ᠰᠢᠮᠡᠯᠢᠭ ᠬᠥᠷᠥᠰᠥ ᠰᠢᠷᠣᠢ ᠮᠥᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠤ ᠴᠢᠬᠤᠯᠠ ᠴᠢᠨᠠᠷ ᠢ ᠳᠡᠭᠡᠳᠦ ᠬᠡᠮᠵᠢ᠊ ᠡᠶ᠎ᠡ ᠪᠠᠷ ᠴᠢᠬᠤᠯᠠᠴᠢᠯᠠᠵᠤ᠂ ᠦᠵᠡᠯ ᠰᠠᠨᠠᠭᠠᠨ ᠤ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨᠬᠦ ᠴᠢᠩᠭᠠᠳᠬᠠᠵᠤ ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠲᠤᠬᠠᠶᠢᠯᠠᠭᠰᠠᠨ ᠠᠵᠢᠯ ᠤᠨ ᠶᠠᠪᠤᠴᠠ ᠪᠠᠨ ᠰᠢᠯᠢᠳᠡᠭᠵᠢᠭᠦᠯᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢ᠊ ᠡᠶ᠎ᠡ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠡᠷᠡᠭᠦᠯ ᠬᠥᠭᠵᠢᠯᠲᠡ ᠶᠢᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ᠃ ᠬᠤᠯᠪᠣᠭᠳᠠᠯ ᠪᠦᠬᠦᠢ ᠲᠥᠰᠦᠯ ᠢ ᠲᠡᠭᠦᠯᠳᠡᠷᠵᠢᠭᠦᠯᠵᠦ᠂ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠨᠡᠩ ᠰᠢᠨᠵᠢᠯᠡᠬᠦ ᠤᠬᠠᠭᠠᠨᠴᠢ ᠴᠢᠨᠠᠷ᠂ ᠴᠢᠩᠭ᠎ᠠ ᠨᠢᠮᠪᠠᠶ ᠴᠢᠨᠠᠷ ᠢ ᠪᠠᠲᠤᠯᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠵᠦᠢ ᠵᠣᠬᠢᠰᠲᠠᠶ ᠪᠠᠷ ᠲᠣᠬᠢᠷᠠᠭᠤᠯᠤᠨ ᠡᠵᠡᠮᠳᠡᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠪᠤᠢ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠠᠵᠢᠯ ᠢ ᠬᠠᠷᠢᠴᠠᠩᠭᠤᠶ ᠪᠠᠷ ᠲᠥᠪᠯᠡᠷᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠬᠠᠩᠭᠠᠬᠤ ᠬᠡᠷᠡᠭᠲᠡᠶ᠃    ᠬᠤᠷᠠᠯ ᠤᠨ ᠱᠠᠭᠠᠷᠳᠠᠯᠭ᠎ᠠ    ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠵᠠᠮ ᠤᠨ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠮᠦᠨᠡᠬᠢ ᠬᠤᠭᠤᠴᠠᠭᠠᠨ ᠤ ᠡᠯ᠎ᠡ ᠵᠦᠶ᠋ᠯ ᠤᠨ ᠭᠠᠷᠳᠠᠮ ᠢ ᠴᠠᠭ ᠢ ᠠᠮᠵᠢᠨ ᠭᠦᠶ᠋ᠴᠡᠳᠬᠡᠵᠦ᠂ ᠲᠥᠷᠥᠯ ᠵᠦᠶ᠋ᠯ ᠤᠨ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠶ᠃ ᠪᠠᠷᠢᠯᠭ᠎ᠠ ᠶᠢᠨ ᠦᠨ᠎ᠡ ᠦᠷᠳᠡᠭ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠢ ᠠᠩᠬᠠᠷᠴᠤ᠂ ᠰᠢᠤᠸᠠᠨ ᠳ᠋ᠧ ᠨᠢᠩ ᠶᠤᠸᠠᠨ ᠵᠡᠭᠡᠯᠢ ᠶᠢᠨ ᠭᠠᠳᠠᠷ ᠬᠡᠷᠡᠮ ᠤᠨ ᠰᠢᠷ ᠤᠨ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠳᠠᠷ ᠪᠠᠶᠢᠳᠠᠯ ᠨᠢ ᠴᠡᠪᠡᠷ ᠴᠡᠮᠴᠡᠭᠡᠷ ᠪᠠᠶᠢᠬᠤ᠂ ᠣᠷᠴᠢᠨ ᠲᠣᠭᠤᠷᠢᠨ ᠢ ᠭᠤᠶᠤᠵᠢᠭᠤᠯᠬᠤ ᠵᠣᠷᠢᠯᠭ᠎ᠠ ᠳᠤ ᠡᠷᠲᠡᠬᠡᠨ ᠬᠦᠷᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                         ᠨᠠᠶᠢᠷᠠᠭᠤᠯᠤᠭᠴᠢ᠄      ᠯᠢ ᠬᠤᠩ ᠢᠦᠢ                                           ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2