| | | ᠭᠤᠸᠠᠨ ᠾᠦᠢ ᠮᠢᠩ᠂ ᠤᠯᠠᠭᠠᠨᠴᠠᠪ ᠬᠤᠳᠠ ᠶᠢᠨ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ | ᠦᠢᠯᠡᠴᠢᠯᠡᠭᠡᠨ ᠤ ᠲᠥᠪ ᠤᠨ ᠳᠡᠯᠭᠡᠷᠡᠭᠦᠯᠬᠦ ᠰᠤᠳᠤᠯᠤᠭᠴᠢ᠃ ᠲᠡᠷᠡ ᠦᠨᠳᠦᠰᠦᠨ ᠱᠠᠲᠤᠨ ᠳᠤ 35 ᠵᠢᠯ | ᠠᠵᠢᠯᠯᠠᠵᠤ᠂ ᠠᠷᠪᠠ ᠭᠠᠷᠤᠶ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠰᠤᠳᠤᠯᠤᠨ | ᠭᠠᠷᠭᠠᠵᠤ᠂ ᠢᠳᠡᠰᠢᠨ ᠨᠣᠭᠤᠭ᠎ᠠ ᠶᠢᠨ ᠲᠠᠷᠢᠶᠠᠴᠢᠳ ᠲᠤ ᠵᠢᠯ ᠪᠦᠷᠢ 4000 ᠭᠠᠷᠤᠶ ᠲᠦᠮᠡᠨ ᠲᠥᠭᠦᠷᠢᠭ ᠤᠨ | ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠴᠢᠳ ᠢ 30 ᠭᠠᠷᠤᠶ ᠲᠦᠮᠡᠨ ᠬᠥᠮᠦᠨ ᠤᠳᠠᠭ᠎ᠠ ᠪᠣᠯᠪᠠᠰᠤᠷᠠᠭᠤᠯᠤᠨ | ᠵᠢᠯᠣᠭᠤᠳᠴᠠᠶ᠃ ᠨᠡᠩ ᠤᠯᠠᠨ ᠲᠠᠷᠢᠶᠠᠴᠢᠳ ᠲᠤ ᠠᠰᠢᠭ ᠬᠦᠷᠲᠡᠭᠡᠬᠦ ᠶᠢᠨ ᠲᠥᠯᠥᠭᠡ᠂ ᠲᠡᠷᠡ 3 ᠬᠦᠢᠲᠡᠨ | ᠰᠡᠷᠢᠭᠦᠨ ᠢᠳᠡᠰᠢᠨ ᠨᠣᠭᠤᠭ᠎ᠠ ᠶᠢᠨ ᠠᠺᠠᠳᠧᠮᠢᠴᠢ ᠶᠢᠨ ᠠᠵᠢᠯ ᠤᠨ ᠦᠷᠲᠡᠭᠡ᠂ ᠲᠤᠷᠰᠢᠯᠲᠠ ᠶᠢᠨ ᠦᠷᠲᠡᠭᠡ ᠶᠢ | ᠵᠠᠯᠭᠠᠪᠡᠷ ᠪᠠᠶᠢᠭᠤᠯᠪᠠ᠃ ᠲᠡᠭᠦᠨ ᠤ ᠰᠤᠳᠤᠯᠤᠨ ᠨᠡᠭᠡᠭᠡᠭᠰᠡᠨ GC16 ᠰᠢᠷᠢᠰ ᠠᠮᠢ ᠠᠬᠤᠶ ᠶᠢᠨ ᠨᠠᠶᠢᠷᠠᠯᠲᠠ ᠨᠢ | ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠴᠦ᠂ GC16-1᠂ GC16-5 ᠨᠢ ᠤᠯᠤᠰ ᠤᠨ | ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠷ ᠦᠨᠡᠯᠡᠭᠳᠡᠪᠡ᠃ | ᠭᠤᠸᠠᠨ ᠾᠦᠢ ᠮᠢᠩ ᠤᠷᠢᠳ ᠬᠤᠵᠢᠳ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠱᠠᠩᠨᠠᠯ ᠢ 31 ᠵᠦᠶ᠋ᠯ ᠭᠥᠷᠳᠡᠵᠦ᠂ ᠤᠯᠤᠰ ᠤᠨ ᠡᠭᠦᠳᠦᠯᠲᠡ ᠶᠢᠨ ᠲᠤᠰᠬᠠᠶ ᠠᠰᠢᠭ ᠢ 5 ᠵᠦᠶ᠋ᠯ ᠭᠥᠷᠳᠡᠵᠦ᠂ | ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠣᠨᠴᠠ ᠲᠣᠮᠢᠯᠠᠭᠳᠠᠭᠰᠠᠳ᠂ ᠪᠥᠬᠦ ᠤᠯᠤᠰ ᠤᠨ | ᠰᠤᠷᠤᠯᠴᠠᠬᠤ ᠬᠡᠯᠪᠡᠷᠢ ᠶᠢᠨ ᠠᠵᠢᠯᠲᠠᠨ ᠠᠵᠢᠯᠴᠢᠨ ᠤ ᠲᠡᠷᠢᠭᠦᠨ ᠤ ᠬᠤᠪᠢ ᠬᠥᠮᠦᠨ᠂ ᠥᠪᠡᠷᠲᠡᠭᠡᠨ ᠵᠠᠰᠠᠬᠤ | ᠣᠷᠣᠨ ᠤ ᠬᠥᠳᠡᠯᠮᠦᠷᠢ ᠶᠢᠨ ᠵᠢᠱᠢᠶᠡᠴᠢ ᠵᠡᠷᠭᠡ ᠢᠷᠠᠭᠤ ᠠᠯᠳᠠᠷ ᠢ ᠣᠯᠠᠨᠲᠠ ᠭᠥᠷᠳᠡᠪᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ᠄ ᠼᠦᠢ ᠴᠢᠩ | ᠢᠷᠡᠯᠲᠡ᠄ ᠳᠤᠮᠳᠠᠳᠤ ᠤᠯᠤᠰ ᠤᠨ ᠪᠣᠯᠪᠠᠰᠤᠨ ᠤ ᠰᠦᠯᠵᠢᠶ᠎ᠡ |