ᠵᠧᠩ ᠳ᠋ᠦᠩ ᠫᠢᠩ ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ  ᠰᠢᠢᠳᠪᠤᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/17
   4 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠵᠤᠶᠢᠡᠯᠰ  ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠤᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ ᠬᠤᠷᠠᠯ ᠳᠤ ᠰᠤᠯᠠ ᠣᠷᠣᠯᠴᠠᠵᠤ᠂ ᠰᠢᠶᠠᠨ ᠤ ᠤᠳᠤᠷᠢᠳᠤᠯᠭ᠎ᠠ ᠾᠧᠦ ᠵᠢᠶᠦ᠋ᠨ ᠢᠦᠶ᠂ ᠶᠠᠩ ᠬᠤᠩ᠂ ᠵᠠᠶ ᠵᠢᠶ ᠴᠢᠩ ᠬᠤᠷᠠᠯ ᠳᠤ ᠣᠷᠣᠯᠴᠠᠪᠠ᠃    ᠬᠤᠷᠠᠯ ᠠᠴᠠ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠨᠡᠮᠯᠡᠯ ᠠᠪᠬᠤ ᠳᠤ ᠬᠦᠴᠢᠷᠲᠡᠢ᠂ ᠪᠤᠴᠠᠵᠤ ᠨᠡᠭᠦᠬᠦ ᠳᠤ ᠬᠦᠴᠢᠷᠲᠡᠢ᠂ ᠣᠷᠣᠵᠤ ᠰᠠᠭᠤᠬᠤ ᠳᠤ ᠬᠦᠴᠢᠷᠲᠡᠢ ᠠᠵᠢᠯ ᠤᠨ ᠠᠬᠢᠴᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
     ᠬᠤᠷᠠᠯ ᠠᠴᠠ ᠵᠢᠭᠠᠵᠤ ᠭᠠᠷᠭᠠᠭᠰᠠᠨ ᠨᠢ    ᠣᠷᠣᠨ ᠰᠠᠭᠤᠴᠠ ᠶᠢᠨ ᠠᠰᠠᠭᠤᠳᠠᠯ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠮᠠᠨ ᠤ ᠰᠢᠶᠠᠨ ᠤ ︽ᠣᠷᠣᠵᠤ ᠰᠠᠭᠤᠬᠤ ᠳᠤ ᠬᠦᠴᠢᠷᠲᠡᠶ︾᠂ ︽ᠪᠤᠴᠠᠵᠤ ᠨᠡᠭᠦᠬᠦ ᠳᠤ ᠬᠦᠴᠢᠷᠲᠡᠶ︾᠂ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠶ᠋ᠳᠪᠦᠷᠢᠯᠡᠬᠦ ᠨᠢ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠲᠣᠭᠲᠠᠭᠤᠨ ᠪᠠᠶᠢᠳᠠᠯ ᠲᠠᠢ ᠬᠤᠯᠪᠣᠭᠳᠠᠵᠤ ᠪᠠᠶᠢᠳᠠᠭ᠃ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠭᠤᠷᠪᠠᠨ ᠪᠡᠷᠬᠡ ᠠᠰᠠᠭᠤᠳᠠᠯ ᠢ ᠰᠢᠶ᠋ᠳᠪᠦᠷᠢᠯᠡᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠬᠤ ᠬᠡᠷᠡᠭᠲᠡᠶ᠃ ᠪᠡᠶ᠎ᠡ ᠪᠠᠷ ᠢᠶᠠᠨ ᠣᠴᠢᠵᠤ᠂ ᠪᠠᠶᠢᠷᠢ ᠰᠣᠯᠢᠵᠤ ᠰᠡᠳᠬᠢᠨ ᠪᠣᠳᠣᠯᠬᠢᠯᠠᠵᠤ᠂ ᠰᠡᠳᠬᠢᠯ ᠢᠶᠠᠷ ᠢᠶᠠᠨ ᠰᠡᠳᠬᠢᠯ ᠢᠶᠠᠨ ᠮᠡᠳᠡᠯᠴᠡᠵᠦ᠂ ᠨᠤᠷᠠᠭᠠᠭᠳᠠᠭᠰᠠᠨ ᠣᠯᠠᠨ ᠲᠦᠮᠡᠨ ᠪᠠ ᠪᠤᠴᠠᠵᠤ ᠨᠡᠭᠦᠭᠰᠡᠨ ᠣᠯᠠᠨ ᠲᠦᠮᠡᠨ ᠤ ᠲᠠᠯ᠎ᠠ ᠠᠴᠠ ᠠᠰᠠᠭᠤᠳᠠᠯ ᠢ ᠪᠣᠳᠣᠯᠬᠢᠯᠠᠨ᠂ ᠠᠬᠢᠭᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠦᠨᠡᠮᠯᠡᠯ ᠠᠪᠬᠤ ᠳᠤ ᠬᠦᠴᠢᠷ᠂ ᠣᠷᠣᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ ᠠᠰᠠᠭᠤᠳᠠᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃
     ᠬᠤᠷᠠᠯ ᠤᠨ ᠱᠠᠭᠠᠷᠳᠠᠯᠭ᠎ᠠ    ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠤᠬᠠᠮᠰᠠᠷ ᠪᠠ ᠲᠤᠯᠭᠠᠮ᠎ᠠ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠵᠤ ᠵᠢᠯᠣᠭᠤᠳᠬᠤ ᠪᠠ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠶᠢ ᠴᠢᠩᠭᠠᠳᠬᠠᠵᠤ᠂ ᠠᠰᠠᠭᠤᠳᠠᠯ ᠢ ᠰᠢᠶ᠋ᠳᠪᠦᠷᠢᠯᠡᠬᠦ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠲᠦᠷᠦᠯ ᠬᠤᠪᠢᠶᠠᠨ ᠵᠢᠯᠣᠭᠤᠳᠴᠤ ᠂ ᠲᠤᠰᠬᠠᠢ ᠬᠥᠮᠦᠨ ᠢᠶᠠᠷ ᠬᠠᠷᠢᠭᠤᠴᠠᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠭᠲᠠᠭᠠᠵᠤ᠂ ᠬᠠᠷᠠᠯᠲᠠ ᠡᠭᠦᠷᠭᠡ ᠶᠢ ᠲᠣᠩᠭᠤᠷᠤᠭᠤᠯᠤᠨ ᠵᠢᠭᠰᠠᠭᠠᠵᠤ᠂ ᠭᠠᠷᠠᠭ ᠪᠦᠷᠢ ᠶᠢᠨ ᠠᠬᠢᠴᠠ ᠶᠢ ᠬᠠᠷᠢᠭᠤ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠪᠦᠲᠦᠮᠵᠢᠲᠡᠢ ᠠᠷᠭ᠎ᠠ ᠪᠠ ᠠᠷᠭ᠎ᠠ  ᠬᠡᠮᠵᠢᠶ᠎ᠡ ᠶᠢ ᠡᠷᠢᠨ ᠭᠠᠷᠭᠠᠵᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯ ᠶᠠᠪᠤᠳᠠᠯ ᠬᠢᠵᠦ᠂ ᠶᠡᠭᠡ ᠬᠦᠴᠦ ᠣᠷᠣᠭᠤᠯᠵᠤ ᠪᠠᠶᠢᠭᠠᠳ ᠠᠷᠠᠳ ᠤᠯᠠᠨ ᠤ ᠪᠠᠴᠢᠮ ᠵᠣᠪᠠᠭᠤᠷᠢ ᠲᠠᠢ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠪᠤᠬᠢᠨᠢᠳᠤᠯ ᠲᠠᠢ ᠶᠠᠪᠤᠳᠠᠯ ᠢ ᠦᠨᠡᠨᠬᠦ ᠰᠡᠳᠬᠢᠯ ᠢ ᠳᠤᠯᠠᠭᠠᠴᠠᠭᠤᠯᠬᠤ ᠶᠠᠪᠤᠳᠠᠯ ᠪᠣᠯᠭᠠᠵᠤ᠂ ᠤᠯᠠᠨ ᠲᠦᠮᠡᠨ ᠤ ᠠᠰᠢᠭ ᠲᠤᠰᠠ ᠶᠢ ᠦᠨᠡᠨᠬᠦ ᠰᠠᠶᠢᠲᠤᠷ ᠬᠠᠮᠠᠭᠠᠯᠠᠵᠤ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠤᠬᠠᠭᠤᠯᠬᠤ ᠬᠡᠯᠲᠡᠰ᠂ ᠰᠢᠭᠦᠬᠦ ᠬᠤᠷᠢᠶ᠎ᠠ ᠪᠠᠶᠢᠴᠠᠭᠠᠬᠤ  ᠬᠤᠷᠢᠶ᠎ᠠ ᠪᠣᠯᠤᠨ ᠰᠢᠶᠠᠨ ᠤ ᠰᠢᠭᠤᠳ ᠬᠠᠷᠢᠶ᠎ᠠ ᠬᠡᠰᠡᠭ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                          ᠨᠠᠶᠢᠷᠠᠭᠤᠯᠤᠭᠴᠢ᠄     ᠯᠢ ᠬᠤᠩ ᠢᠦᠢ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2