ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/19
 4 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠹᠧᠩ ᠵᠢᠶᠦ᠋ᠨ᠂ ᠶᠠᠩ ᠬᠤᠩ ᠬᠤᠷᠠᠯ ᠳᠤ ᠣᠷᠣᠯᠴᠠᠪᠠ᠃
 
          ᠬᠤᠷᠠᠯ ᠠᠴᠠ᠂ ᠨᠤᠲᠤᠭ ᠪᠡᠯᠴᠢᠭᠡᠷ ᠰᠢᠭᠤᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ᠂ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠤᠰᠬᠠᠢ ᠴᠡᠭᠴᠡᠯᠡᠨ ᠵᠠᠰᠠᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠡᠷᠡᠰ ᠠᠬᠢᠭᠤᠯᠬᠤ ᠬᠡᠷᠡᠭᠲᠡᠢ   ᠭᠡᠪᠡ᠃
 
         ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠴᠠᠭ ᠤᠨ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ ᠪᠠ ᠦᠷ᠎ᠡ ᠳ᠋ᠦᠩ ᠤᠨ ᠤᠳᠤᠷᠢᠳᠤᠮᠵᠢ ᠶᠢ ᠦᠷᠭᠦᠯᠵᠢᠯᠡᠨ ᠪᠣᠶ ᠪᠣᠯᠭᠠᠵᠤ᠂ ᠬᠠᠷᠢᠭᠤᠴᠠᠯᠭᠠᠲᠠᠨ ᠪᠠ ᠴᠠᠭ ᠤᠨ ᠬᠦᠰᠦᠨᠦᠭᠲᠦ ᠶᠢ ᠲᠣᠳᠣᠷᠬᠠᠶᠢᠯᠠᠨ᠂ ᠨᠠᠷᠢᠯᠢᠭ ᠣᠨᠣᠴᠠᠲᠠᠶ ᠪᠠᠷ ᠬᠠᠷᠭᠤᠭᠤᠯᠤᠨ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ  ᠰᠢᠢᠳᠪᠤᠷᠢᠯᠡᠬᠦ ᠠᠬᠢᠴᠠ ᠶᠢ ᠲᠦᠷᠭᠡᠳᠬᠡᠵᠦ᠂ ᠡᠯ᠎ᠡ  ᠵᠤᠶᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠵᠣᠬᠢᠴᠠᠭᠤᠯᠤᠨ ᠠᠬᠢᠭᠤᠯᠬᠤ᠂ ᠨᠢᠭᠡᠳᠦᠯᠲᠡᠶ ᠪᠥᠭᠡᠳ ᠥᠨᠳᠥᠷ ᠪᠦᠲᠦᠮᠵᠢᠲᠡᠶ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠴᠡᠭᠴᠡᠯᠡᠨ ᠵᠠᠰᠠᠬᠤ ᠳᠤᠮᠳᠠ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠤᠷᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                                         ᠨᠠᠶᠢᠷᠠᠭᠤᠯᠤᠭᠴᠢ᠄  ᠶᠠᠩ  ᠿᠦᠢ ᠵᠧᠨ                                                         ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2