ᠯᠢᠶᠠᠩᠴᠧᠩ ᠰᠢᠶᠠᠨ 2022 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠪᠠᠴᠢᠮ ᠪᠠᠶᠢᠳᠠᠯ ᠢ ᠠᠷᠭᠠᠴᠠᠭᠠᠬᠤ  ᠪᠣᠳᠠᠲᠤ ᠪᠠᠶᠢᠯᠳᠤᠭᠠᠨ ᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/4/21
    ᠮᠠᠨ ᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ  ᠪᠡᠯᠡᠳᠬᠡᠯ ᠲᠥᠰᠦᠯ ᠢ ᠪᠦᠲᠦᠮᠵᠢᠲᠡᠶ ᠰᠢᠯᠭᠠᠨ ᠪᠠᠶᠢᠴᠠᠭᠠᠬᠤ ᠪᠠ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 4 ᠰᠠᠷ᠎ᠠ ᠶᠢᠨ 20 ᠤ ᠡᠳᠦᠷ᠂ ᠮᠠᠨ ᠤ ᠰᠢᠶᠠᠨ 2022 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠪᠠᠴᠢᠮ ᠪᠠᠶᠢᠳᠠᠯ ᠢ ᠠᠷᠭᠠᠴᠠᠭᠠᠬᠤ  ᠪᠣᠳᠠᠲᠤ ᠰᠣᠷᠢᠯᠲᠠ ᠶᠢ ᠥᠷᠨᠢᠭᠦᠯᠪᠡ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ  ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠢᠦᠶ ᠲᠤᠤ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠰᠦᠨ ᠬᠤᠤ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ‍ᠤᠤᠢ ᠵᠢᠶᠠᠨ  ᠹᠧᠩ ᠬᠤᠷᠠᠯ ᠳᠤ ᠣᠷᠣᠯᠴᠠᠭᠰᠠᠨ ᠪᠥᠭᠡᠳ ᠲᠣᠰ ᠤᠳᠠᠭᠠᠨ ᠤ ᠪᠠᠶᠢᠯᠳᠤᠭᠠᠨ ᠤ ᠰᠣᠷᠢᠯᠲᠠ ᠶᠢ ᠲᠣᠭᠤᠷᠢᠨ ᠦᠵᠡᠪᠡ᠃
          ᠰᠣᠷᠢᠯᠲᠠ ᠬᠢᠬᠦ ᠠᠴᠠ ᠡᠮᠦᠨ᠎ᠡ᠂ ᡂᠢ ᠵᠢᠶᠠᠨ ᠹᠧᠩ ᠲᠠᠶᠢᠴᠢᠯᠠᠯᠳᠠ ᠶᠢᠨ ᠶᠠᠷᠢᠶ᠎ᠠ ᠲᠠᠯᠪᠢᠬᠤ ᠶᠢᠨ ᠬᠠᠮᠲᠤ ᠰᠣᠷᠢᠯᠲᠠ ᠡᠬᠢᠯᠡᠭᠰᠡᠨ ᠢ ᠵᠠᠷᠯᠠᠪᠠ᠃
         ᠰᠣᠷᠢᠯᠲᠠ ᠳᠤ ᠯᠢᠶᠠᠩᠴᠧᠩ ᠰᠢᠶᠠᠨ ᠤ ᠵᠢᠷᠭᠤᠳᠤᠭᠠᠷ ᠰᠤᠮᠤ ᠪᠠᠯᠭᠠᠰᠤᠨ ᠤ ᠳ᠋ᠠ ᠭᠧ ᠯᠧᠩ ᠲᠣᠰᠬᠤᠨ ᠳᠤ ᠭᠠᠷᠤᠭᠰᠠᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠳᠠᠭᠤᠷᠢᠶᠠᠵᠤ᠂ ᠲᠤᠰ ᠲᠣᠰᠬᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠦᠳᠲᠡᠷ ᠲᠦᠷᠭᠡᠨ ᠮᠡᠳᠡᠭᠦᠯᠵᠦ᠂ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠲᠦᠢᠮᠡᠷ ᠤᠨ ᠮᠡᠳᠡᠭᠡ ᠶᠢ ᠣᠯᠤᠭᠰᠠᠨ ᠤ ᠳᠠᠷᠠᠭ᠎ᠠ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠦᠳᠲᠡᠷ ᠲᠦᠷᠭᠡᠨ ᠡᠬᠢᠯᠡᠭᠦᠯᠵᠡᠢ᠃ ᠭᠡᠨᠡᠳᠲᠡ ᠡᠭᠦᠰᠦᠭᠰᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠳᠤ ᠴᠢᠭᠯᠡᠭᠦᠯᠦᠨ᠂ ᠰᠣᠷᠢᠯᠲᠠ ᠶᠢᠨ ᠨᠢᠭᠡᠴᠡ ᠨᠦᠭᠦᠳ ᠬᠠᠮᠵᠢᠯᠴᠠᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶ ᠪᠣᠯᠭᠠᠵᠤ᠂ ᠭᠠᠯ ᠤᠨᠲᠠᠷᠠᠭᠠᠬᠤ ᠰᠤᠮᠤ ᠪᠣᠯᠤᠨ ᠭᠠᠯ ᠤᠨᠲᠠᠷᠠᠭᠠᠬᠤ ᠤᠰᠤᠨ ᠲᠡᠷᠭᠡ ᠪᠠᠷ ᠭᠠᠯ ᠤᠨ ᠦᠵᠦᠭᠦᠷ ᠢ ᠳᠠᠷᠤᠵᠤ᠂ ᠳᠠᠷᠠᠭ᠎ᠠ ᠪᠠᠷ ᠨᠢ ᠠᠩᠭᠢ ᠶᠢᠨ ᠭᠡᠰᠢᠭᠦᠳ ᠭᠠᠯ ᠤᠨ ᠲᠠᠯᠠᠪᠠᠶ ᠶᠢᠨ ᠭᠠᠳᠠᠭᠤᠷ ᠪᠦᠰᠡᠯᠡᠨ᠂ ᠲᠡᠮᠦᠷ ᠱᠦᠭᠦᠷ᠂ ᠰᠠᠯᠬᠢᠨ ᠬᠦᠴᠦᠨ ᠢᠶᠠᠷ ᠭᠠᠯ ᠤᠨᠲᠠᠷᠠᠭᠠᠬᠤ ᠮᠠᠰᠢᠨ ᠵᠡᠷᠭᠡ ᠭᠠᠯ ᠢ ᠰᠡᠷᠭᠡᠶᠢᠯᠡᠬᠦ ᠪᠠᠭᠠᠵᠢ ᠪᠠᠷ ᠭᠠᠯ ᠤᠨ ᠲᠠᠯᠠᠪᠠᠶ ᠶᠢᠨ ᠦᠯᠡᠳᠡᠭᠰᠡᠨ ᠭᠠᠯ ᠢ ᠴᠡᠪᠡᠷᠯᠡᠵᠦ᠂ ᠦᠨᠡᠰᠦᠨ ᠲᠣᠪᠷᠠᠭ ᠳᠠᠬᠢᠨ ᠨᠣᠴᠣᠬᠤ ᠶᠢ ᠰᠡᠷᠭᠡᠶᠢᠯᠡᠪᠡ᠃ ᠬᠠᠭᠠᠰ ᠴᠠᠭ ᠤᠨ ᠰᠢᠷᠦᠭᠦᠨ ᠪᠠᠶᠢᠯᠳᠤᠭᠠᠨ ᠢᠶᠠᠷ ᠳᠠᠮᠵᠢᠭᠠᠳ ᠶᠡᠭᠡ ᠭᠠᠯ ᠢ ᠪᠦᠷᠢᠮᠦᠰᠦᠨ ᠤᠨᠲᠠᠷᠠᠭᠠᠪᠠ᠃ ᠪᠦᠬᠦ᠋ᠢᠯᠡ ᠰᠣᠷᠢᠯᠲᠠ ᠶᠢᠨ ᠶᠠᠪᠤᠴᠠ ᠨᠢ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ  ᠠᠷᠭᠠᠴᠠᠭᠠᠨ  ᠰᠢᠢᠳᠪᠤᠷᠢᠯᠡᠬᠦ ᠠᠵᠢᠯᠲᠠᠨ ᠤ ᠳᠡᠭᠡᠳᠦ ᠬᠡᠮᠵᠢᠶᠡᠨ ᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃
     ᠰᠣᠷᠢᠯᠲᠠ ᠲᠡᠭᠦᠰᠦᠭᠰᠡᠨ ᠤ ᠳᠠᠷᠠᠭ᠎ᠠ᠂ ᠴᠢᠦᠶ ᠲᠤᠤ ᠲᠣᠰ ᠤᠳᠠᠭᠠᠨ ᠤ ᠰᠣᠷᠢᠯᠲᠠ ᠳᠤ ᠦᠨᠡᠯᠡᠯᠲᠡ ᠬᠢᠵᠡᠶ᠃ ᠲᠡᠷᠡ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠪᠣᠳᠠᠲᠤ ᠪᠠᠶᠢᠯᠳᠤᠭᠠᠨ ᠤ ᠰᠣᠷᠢᠯᠲᠠ ᠶᠢᠨ ᠡᠯ᠎ᠡ ᠭᠤᠭᠴᠤᠭ᠎ᠠ ᠨᠢ ᠡᠮᠬᠢ ᠳᠢᠭᠯᠢᠮ ᠲᠠᠢ ᠪᠠᠶᠢᠵᠤ᠂ ᠭᠠᠯ ᠤᠨᠲᠠᠷᠠᠭᠠᠬᠤ ᠡᠩᠨᠡᠭᠡ ᠰᠡᠳᠬᠢᠯ ᠰᠠᠨᠠᠭ᠎ᠠ ᠪᠠᠨ ᠣᠯᠣᠯᠴᠠᠭᠰᠠᠨ ᠪᠣᠯᠪᠠᠴᠤ ᠪᠠᠰᠠ ᠡᠳᠦᠶ ᠲᠡᠳᠦᠶ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠡᠯ᠎ᠡ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠲᠤᠰᠬᠠᠶ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠭᠠᠯ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ  ᠰᠢᠢᠳᠪᠤᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠣᠳᠠᠲᠠᠶ ᠠᠷᠭᠠᠴᠠᠭᠠᠬᠤ  ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃                                        ᠨᠠᠶᠢᠷᠠᠭᠤᠯᠤᠭᠴᠢ᠄   ᠶᠠᠩ  ᠿᠦᠢ ᠵᠧᠨ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2