ᠶᠣᠰᠣ ᠰᠤᠷᠲᠠᠬᠤᠨ ᠤᠨ ᠵᠢᠱᠢᠶᠡᠴᠢ ᠶᠢᠨ ᠦᠢᠯᠡ ᠠᠵᠢᠯᠯᠠᠭ᠎ᠠ ᠶᠢᠨ ᠦᠵᠡᠭᠦᠯᠦᠯᠭᠡ᠄ ᠵᠣᠣ ᠫᠧᠩ(ᠲᠦᠷᠪᠡ)
ᠨᠡᠶᠢᠲᠡᠯᠡᠭᠰᠡᠨ ᠴᠠᠭ᠄
2022/4/21
 
   ᠵᠤᠤ ᠫᠧᠩ᠂ ᠡᠷᠡᠭᠲᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃     ᠪᠠᠶᠢᠭ᠎ᠠ ᠰᠠᠶᠢᠨ ᠳᠤᠷ᠎ᠠ ᠶᠢᠨ ᠤᠶᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠤᠨ ᠰᠠᠶᠢᠨ ᠳᠤᠷ᠎ᠠ ᠶᠢᠨ  ᠭᠡᠰᠢᠭᠦᠳ ‍ᠦᠨ‌ᠨᠡᠶᠢᠭᠡᠮᠯᠢᠭ    ᠭᠤᠣᠯ ᠪᠣᠯᠬᠤ ᠦᠢᠯᠡᠴᠢᠯᠡᠭᠡᠨ ᠤ ᠲᠦᠷᠦᠯ ᠵᠦᠢᠯ᠄ ︽ᠬᠡᠦᠬᠡᠳ ᠢ ᠮᠢᠨᠢ ᠬᠠᠶᠢᠷᠠᠯᠠᠶ᠎ᠠ︾ ᠭᠡᠬᠦ ᠳᠤᠯᠠᠭᠠᠨ ᠡᠪᠦᠯ ᠤᠨ ᠲᠦᠷᠦᠯ ᠵᠦᠢᠯ᠂ ︽2.17 ᠲᠥᠯᠥᠪᠯᠡᠭᠡ︾ ᠶᠢᠨ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠬᠤ ᠲᠦᠷᠦᠯ ᠵᠦᠢᠯ᠂ ᠤᠯᠠᠭᠠᠨᠴᠠᠪ ᠤᠨ ᠵᠠᠯᠠᠭᠤᠴᠤᠳ ᠠᠵᠢᠯᠯᠠᠭ᠎ᠠ ᠥᠷᠨᠢᠭᠦᠯᠵᠦ ᠪᠤᠢ — ᠰᠤᠷᠭᠠᠨ ᠬᠥᠮᠦᠵᠢᠯ ᠢᠶᠠᠷ ᠰᠤᠷᠤᠯᠭ᠎ᠠ ᠶᠢ ᠲᠡᠳᠬᠦᠬᠦ ᠲᠥᠯᠥᠪᠯᠡᠭᠡ ᠶᠢ ᠰᠢᠯᠢᠳᠡᠭᠵᠢᠭᠦᠯᠬᠦ᠂ ︽ᠬᠠᠭᠤᠴᠢᠨ ᠬᠤᠪᠴᠠᠰᠤ ᠡᠮᠦᠰᠴᠦ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ︾ ᠴᠡᠷᠢᠭ ᠤᠨ ᠪᠣᠯᠪᠠᠰᠤᠷᠠᠯ ᠤᠨ ᠬᠤᠪᠴᠠᠰᠤ ᠶᠢ ᠲᠠᠬᠢᠨ ᠠᠰᠢᠭᠯᠠᠬᠤ ᠲᠦᠷᠦᠯ ᠵᠦᠢᠯ᠂ ︽ᠬᠠᠶᠢᠷᠴᠠᠭ︾ ᠤᠨ ᠬᠠᠶᠢᠷᠴᠠᠭ︾ ‍ᠤᠨ‌ᠦᠢᠯᠡᠴᠢᠯᠡᠭᠡ — ᠥᠪᠥᠷ ᠮᠣᠩᠭᠤᠯ ᠤᠨ ᠬᠥᠳᠡᠭᠡ ᠲᠣᠰᠬᠤᠨ ᠤ ᠰᠤᠷᠭᠠᠭᠤᠯᠢ ᠳᠤ ᠰᠠᠭᠤᠭ᠎ᠠ ᠰᠤᠷᠤᠭᠴᠢᠳ ᠤᠨ ᠬᠤᠭᠤᠯᠠᠨ ᠤ ᠰᠠᠪᠠ ᠬᠡᠷᠡᠭᠰᠡᠯ ᠢ ᠰᠠᠶᠢᠵᠢᠷᠠᠭᠤᠯᠬᠤ ᠲᠥᠯᠥᠪᠯᠡᠭᠡ ᠵᠡᠷᠭᠡ    ᠬᠡᠵᠢᠶ᠎ᠡ ᠠᠴᠠ ᠡᠬᠢᠯᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ  ᠤᠷᠤᠯᠴᠠᠭᠰᠠᠨ    ᠰᠠᠶᠢᠨ ᠳᠤᠷ᠎ᠠ ᠶᠢᠨ  ᠤᠶᠢᠯᠡᠴᠢᠯᠡᠭᠡ ᠳᠤ ᠣᠷᠣᠯᠴᠠᠭᠰᠠᠨ ᠨᠡᠶᠢᠲᠡ ᠴᠠᠭ ᠤᠨ ᠲᠤᠭ᠎ᠠ᠄ 20000 ᠴᠠᠭ    ᠭᠤᠤᠯ  ᠤᠶᠢᠯᠡ ᠶᠠᠪᠤᠳᠠᠯ᠄ ᠣᠲᠣ ᠤᠯᠠᠭᠠᠨᠴᠠᠪ ᠤᠨ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠤᠨ ᠳᠠᠷᠤᠭ᠎ᠠ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠠᠭᠠᠨᠴᠠᠪ ᠬᠤᠲᠠ ᠶᠢᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠬᠤᠯᠪᠣᠭᠠᠲᠤ ᠬᠤᠷᠠᠯ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠥᠷ ᠮᠣᠩᠭᠤᠯ ᠤᠨ ᠵᠠᠯᠠᠭᠤᠴᠤᠳ ᠤᠨ ᠬᠤᠯᠪᠣᠭᠠᠲᠤ ᠬᠤᠷᠠᠯ ᠤᠨ ᠭᠡᠰᠢᠭᠦᠨ᠂ ᠥᠪᠥᠷ ᠮᠣᠩᠭᠤᠯ ᠤᠨ ᠡᠪᠯᠡᠯ ᠤᠨ ᠲᠥᠯᠥᠭᠡᠯᠡᠭᠴᠢᠳ ᠤᠨ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠤᠨ ᠵᠠᠯᠠᠭᠤᠴᠤᠳ ᠤᠨ ᠬᠤᠯᠪᠣᠭᠠᠲᠤ ᠬᠤᠷᠠᠯ ᠤᠨ ᠪᠠᠶᠢᠩᠭᠤ ᠶᠢᠨ ᠭᠡᠰᠢᠭᠦᠨ᠂ ᠤᠯᠠᠭᠠᠨᠴᠠᠪ ᠬᠤᠲᠠ ᠶᠢᠨ ᠡᠪᠯᠡᠯ ᠤᠨ ᠲᠥᠯᠥᠭᠡᠯᠡᠭᠴᠢᠳ ᠤᠨ ᠬᠤᠷᠠᠯ ᠤᠨ ᠪᠠᠶᠢᠩᠭᠤ ᠶᠢᠨ ᠭᠡᠰᠢᠭᠦᠨ᠂ ᠤᠯᠠᠭᠠᠨᠴᠠᠪ ᠬᠤᠲᠠ ᠶᠢᠨ ᠡᠪᠯᠡᠯ ᠤᠨ ᠲᠥᠯᠥᠭᠡᠯᠡᠭᠴᠢᠳ ᠤᠨ ᠬᠤᠷᠠᠯ ᠤᠨ ᠪᠠᠶᠢᠩᠭᠤ ᠶᠢᠨ ᠭᠡᠰᠢᠭᠦᠨ ᠤ ᠲᠤᠰᠢᠶᠠᠯ ᠲᠠᠢ᠃    2009 ᠣᠨ ᠳᠤ ᠰᠠᠶᠢᠨ ᠳᠤᠷ᠎ᠠ ᠶᠢᠨ ᠠᠵᠢᠯᠯᠠᠭᠰᠠᠳ ᠲᠠᠢ ᠣᠶᠢᠷᠠᠳᠴᠤ ᠦᠢᠯᠡᠴᠢᠯᠡᠭᠰᠡᠨ ᠠᠴᠠ ᠤᠳᠤ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠵᠤᠤ ᠫᠧᠩ ᠭᠡᠷ ᠲᠡᠭᠡᠨ ᠬᠤᠴᠣᠷᠤᠭᠰᠠᠨ ᠬᠡᠦᠬᠡᠳ᠂ ᠭᠡᠷ ᠲᠡᠭᠡᠨ ᠬᠤᠴᠣᠷᠤᠭᠰᠠᠨ ᠨᠠᠰᠤᠲᠠᠨ ᠵᠡᠷᠭᠡ ᠬᠡᠳᠦᠨ ᠲᠦᠮᠡᠨ ᠬᠥᠮᠦᠨ ᠳᠤ ᠤᠷᠢᠳ ᠬᠤᠵᠢᠳ ᠦᠢᠯᠡᠴᠢᠯᠡᠪᠡ᠃ ᠲᠡᠷᠡ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡ ᠬᠢᠭᠰᠡᠨ ᠠᠴᠠ ᠨᠠᠰᠢ ᠬᠤᠳᠠ ᠶᠢᠨ ᠲᠤᠮᠤ ᠬᠡᠯᠪᠡᠷᠢ ᠶᠢᠨ ᠠᠵᠢᠯᠯᠠᠭ᠎ᠠ ᠵᠢᠴᠢ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠳᠤ ᠨᠡᠶᠢᠳᠡ 20000 ᠴᠠᠭ ᠠᠴᠠ ᠳᠡᠭᠡᠭᠰᠢ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡ ᠬᠠᠩᠭᠠᠵᠤ᠂ ᠡᠪᠡᠳᠴᠢᠨ ᠲᠠᠢ ᠬᠡᠦᠬᠡᠳ᠂ ᠬᠦᠴᠢᠷᠳᠡᠯᠲᠡᠢ ᠬᠥᠮᠦᠰ ᠲᠤ ᠨᠡᠶᠢᠳᠡ 60 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠪᠠ᠃ 2016 ᠣᠨ ᠳᠤ ᠠᠮᠵᠢᠯᠲᠠ ᠲᠠᠢ ᠪᠠᠷ ᠴᠢᠰᠤ ᠪᠦᠲᠦᠭᠡᠬᠦ ᠭᠤᠤᠯ ᠡᠰ ᠢᠶᠠᠨ ᠬᠠᠨᠳᠢᠪᠯᠠᠵᠤ᠂ ᠤᠯᠠᠭᠠᠨᠴᠠᠪ ᠬᠤᠲᠠ ᠶᠢᠨ ᠬᠤᠶᠠᠳᠠᠬᠢ ᠬᠤᠪᠢ ᠨᠡᠮᠡᠷᠢ ᠦᠵᠡᠭᠦᠯᠦᠭᠴᠢ ᠪᠣᠯᠤᠭᠰᠠᠨ ᠪᠠᠶᠢᠨ᠎ᠠ᠃ 11 ᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠮᠳᠠ᠂ ᠵᠤᠤ ᠫᠧᠩ ᠪᠦᠬᠦ ᠤᠯᠤᠰ ᠤᠨ ᠵᠠᠭᠤᠨ ᠬᠠᠮᠤᠭ ᠤᠨ ᠭᠤᠶᠤ ᠰᠠᠶᠢᠨ ᠳᠤᠷ᠎ᠠ ᠶᠢᠨ ᠠᠵᠢᠯᠯᠠᠭᠴᠢ ᠪᠠᠷ ᠰᠣᠩᠭᠤᠭᠳᠠᠵᠤ᠂ ᠤᠷᠢᠳ ᠬᠤᠵᠢᠳ ᠪᠦᠬᠦ ᠤᠯᠤᠰ ᠤᠨ ᠲᠠᠪᠤᠨ ᠰᠠᠶᠢᠨᠲᠠᠢ ᠭᠡᠷ ᠪᠦᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠸᠢ ᠹᠧᠩ ᠠᠴᠠ ᠰᠤᠷᠤᠯᠴᠠᠭᠰᠠᠨ ᠲᠡᠷᠢᠭᠦᠨ ᠤ ᠬᠤᠪᠢ ᠬᠥᠮᠦᠨ᠂ ᠥᠪᠥᠷ ᠮᠣᠩᠭᠤᠯ ᠤᠨ ᠰᠠᠶᠢᠨ ᠬᠥᠮᠦᠨ᠂ ᠤᠯᠠᠭᠠᠨᠴᠠᠪ ᠬᠤᠳᠠ ᠶᠢᠨ ᠶᠣᠰᠣ ᠰᠤᠷᠲᠠᠬᠤᠨ ᠤ ᠵᠢᠱᠢᠶᠡᠴᠢ᠂ ᠤᠯᠠᠭᠠᠨᠴᠠᠪ ᠬᠤᠳᠠ ᠶᠢᠨ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ᠂ ᠤᠯᠠᠭᠠᠨᠴᠠᠪ ᠬᠤᠳᠠ ᠶᠢᠨ ︽5 · 4︾ ᠤ ᠵᠠᠯᠠᠭᠤᠴᠤᠳ ᠤᠨ ᠱᠠᠩᠨᠠᠯ ᠤᠨ ᠲᠡᠮᠳᠡᠭ᠂ ᠥᠪᠥᠷ ᠮᠣᠩᠭᠤᠯ ᠤᠨ ᠭᠤᠷᠪᠠᠨ ᠰᠢᠨ᠎ᠡ ᠶᠢ ᠡᠭᠦᠳᠦᠭᠰᠡᠨ ᠵᠢᠱᠢᠶᠡᠴᠢ ᠪᠠᠷ ᠰᠣᠩᠭᠤᠭᠳᠠᠪᠠ᠃    2013 ᠣᠨ ᠤ ᠰᠡᠭᠦᠯᠴᠢ ᠪᠠᠷ᠂ ᠵᠤᠤ ᠫᠧᠩ ᠰᠠᠶᠢᠨ ᠳᠤᠷ᠎ᠠ ᠶᠢᠨ ᠠᠵᠢᠯᠯᠠᠭᠰᠠᠳ ᠤᠨ ᠠᠵᠢᠯ ᠢ ᠬᠠᠮᠲᠤ ᠬᠢᠵᠦ ᠪᠠᠶᠢᠭᠰᠠᠨ ᠬᠡᠳᠦᠨ ᠰᠠᠶᠢᠨ ᠨᠠᠶᠢᠵᠠ ᠲᠠᠢ ᠪᠠᠨ ᠰᠠᠨᠠᠯ ᠨᠢᠭᠡᠳᠴᠦ᠂ ᠤᠯᠠᠭᠠᠨᠴᠠᠪ ᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠨᠡᠶᠢᠭᠡᠮᠯᠢᠭ ᠢ ᠪᠠᠶᠢᠭᠤᠯᠪᠠ᠃    ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠲᠣᠬᠤᠨᠢᠭᠤᠯᠬᠤ ᠠᠵᠢᠯᠯᠠᠭ᠎ᠠ ᠠᠴᠠ ᠬᠡᠦᠬᠡᠳ ᠤᠨ ᠬᠢᠴᠢᠶᠡᠯ ᠤᠨ ᠭᠠᠳᠠᠭᠤᠷᠬᠢ ᠨᠣᠮ ᠤᠩᠰᠢᠬᠤ ᠶᠢᠨ ᠪᠣᠳᠠᠲᠠᠢ ᠬᠦᠴᠢᠷᠳᠡᠯ ᠢ ᠣᠯᠵᠤ ᠬᠠᠷᠠᠭᠠᠳ᠂ ᠵᠤᠤ ᠫᠧᠩ ᠲᠡᠭᠦᠨ ᠤ ᠪᠦᠯᠬᠦᠮ ᠲᠠᠢ ︽ᠨᠢᠭᠡ ᠨᠣᠮ ᠨᠢᠭᠡ ᠦᠯᠢᠬᠡᠷ ᠨᠢᠭᠡ ᠨᠣᠮ ᠤᠨ ᠦᠷᠦᠭᠡ ᠳᠤ ᠨᠢᠭᠡ ᠬᠦᠰᠡᠯ ᠨᠠᠶᠢᠳᠠᠯᠭ᠎ᠠ ᠲᠠᠯᠪᠢᠬᠤ︾ ᠬᠠᠶᠢᠷ᠎ᠠ ᠬᠠᠯᠠᠮᠵᠢ ᠤᠩᠰᠢᠯᠭ᠎ᠠ ᠶᠢᠨ ᠦᠷᠦᠭᠡ ᠶᠢᠨ ᠲᠦᠷᠦᠯ ᠵᠦᠢᠯ ᠢ ᠡᠬᠢᠯᠡᠭᠦᠯᠵᠦ᠂ 2014 ᠣᠨ ᠠᠴᠠ ᠡᠬᠢᠯᠡᠨ᠂ ᠬᠥᠳᠡᠭᠡ ᠲᠣᠰᠬᠤᠨ ᠤ ᠪᠠᠭ᠎ᠠ ᠰᠤᠷᠭᠠᠭᠤᠯᠢ ᠶᠢᠨ ᠬᠠᠶᠢᠷ᠎ᠠ ᠬᠠᠯᠠᠮᠵᠢ ᠤᠩᠰᠢᠯᠭ᠎ᠠ ᠶᠢᠨ ᠦᠷᠦᠭᠡ ᠶᠢ 8 ᠪᠠᠶᠢᠭᠤᠯᠵᠤ᠂ ᠬᠤᠶᠠᠷ ᠲᠦᠮᠡ ᠬᠤᠶᠠᠷ ᠮᠢᠩᠭ᠎ᠠ ᠭᠠᠷᠤᠢ ᠳᠡᠪᠲᠡᠷ ᠨᠣᠮ ᠪᠢᠴᠢᠭ ᠬᠠᠨᠳᠢᠪᠯᠠᠪᠠ᠃    ᠤᠩᠰᠢᠯᠭ᠎ᠠ ᠶᠢᠨ ᠲᠠᠰᠤᠭ ᠤᠨ ᠲᠥᠷᠥᠯ ᠵᠦᠢᠯ ᠶᠠᠪᠤᠭᠳᠠᠵᠤ ᠪᠠᠶᠢᠭ᠎ᠠ ᠦᠶ᠎ᠡ ᠳᠤ᠂ ᠪᠠᠰᠠ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠡᠦᠬᠡᠳ ᠤᠨ ᠡᠪᠦᠯ ᠤᠨ ᠬᠤᠪᠴᠠᠰᠤ ᠨᠢᠮᠭᠡᠨ ᠪᠠᠶᠢᠬᠤ ᠶᠢ ᠣᠯᠵᠤ ᠬᠠᠷᠠᠭᠠᠳ᠂ ᠬᠠᠬᠢᠷ ᠬᠦᠢᠳᠡᠨ ᠢ ᠰᠡᠷᠭᠡᠶᠢᠯᠡᠬᠦ ᠳᠤ ᠬᠦᠴᠢᠷᠲᠡᠢ᠂ ᠵᠤᠤ ᠫᠧᠩ ᠪᠣᠯᠤᠨ ᠤᠯᠠᠭᠠᠨᠴᠠᠪ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠶᠢᠭᠡᠮᠯᠢᠭ ᠤᠨ ᠬᠢᠨ ᠪᠠᠰᠠ ︽ᠬᠡᠦᠬᠡᠳ ᠢ ᠮᠢᠨᠢ ᠨᠠᠳᠠ ᠪᠠᠷ ᠳᠤᠯᠠᠭᠠᠯᠠᠭᠤᠯᠤᠶ᠎ᠠ︾ ᠭᠡᠬᠦ ᠳᠤᠯᠠᠭᠠᠨ ᠡᠪᠦᠯ ᠤᠨ ᠲᠦᠷᠦᠯ ᠵᠦᠢᠯ ᠢ ᠡᠬᠢᠯᠡᠭᠦᠯᠵᠦ᠂ ᠥᠪᠡᠷ ᠢᠶᠠᠨ ᠪᠡᠯᠡ ᠮᠥᠩᠭᠦ ᠴᠤᠭᠯᠠᠭᠤᠯᠵᠤ᠂ ᠪᠠᠷᠢᠮᠵᠢᠶ᠎ᠠ ᠳᠤ ᠬᠦᠷᠦᠭᠰᠡᠨ ᠶᠠᠳᠠᠭᠤ ᠬᠦᠴᠢᠷᠳᠡᠯᠲᠡᠢ ᠭᠡᠷ ᠲᠡᠭᠡᠨ ᠬᠤᠴᠣᠷᠤᠭᠰᠠᠨ ᠬᠡᠦᠬᠡᠳ ᠨᠢᠭᠡᠪᠦᠷᠢ ᠳᠤ 200 ᠲᠥᠭᠦᠷᠢᠭ ᠤᠨ ᠦᠨ᠎ᠡ ᠲᠠᠢ ᠳᠤᠯᠠᠭᠠᠨ ᠪᠣᠭᠴᠣ ᠥᠭᠴᠦ᠂ 2014 ᠣᠨ ᠤ ᠡᠪᠦᠯ ᠠᠴᠠ ᠤᠳᠤ ᠪᠣᠯᠲᠠᠯ᠎ᠠ᠂ ᠨᠡᠶᠢᠳᠡ 350 ᠰᠤᠷᠭᠠᠭᠤᠯᠢ ᠶᠢᠨ 1556 ᠶᠠᠳᠠᠭᠤ ᠬᠦᠴᠢᠷᠳᠡᠯᠲᠡᠢ ᠭᠡᠷ ᠲᠡᠭᠡᠨ ᠬᠤᠴᠣᠷᠤᠭᠰᠠᠨ ᠬᠡᠦᠬᠡᠳ ᠲᠤ 311200 ᠲᠥᠭᠦᠷᠢᠭ ᠤᠨ ᠦᠷᠳᠡᠭ ᠲᠠᠢ ᠡᠪᠦᠯ ᠢ ᠥᠩᠭᠡᠷᠡᠭᠦᠯᠬᠦ ᠡᠳ᠋ ᠪᠣᠳᠠᠰ ᠣᠯᠭᠤᠵᠠᠢ᠃ ᠲᠣᠰ ᠲᠥᠷᠥᠯ  ᠵᠤᠶᠢᠯ ᠨᠢ 2015 ᠣᠨ ᠤ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠰᠠᠶᠢᠨ ᠲᠤᠷᠠᠴᠤᠳ ᠤᠨ ᠦᠶ᠋ᠯᠡᠴᠢᠯᠡᠭᠡᠨ ᠤ ᠲᠥᠷᠥᠯ  ᠵᠤᠶᠢᠯ ᠤᠨ ᠤᠷᠤᠯᠳᠤᠭᠠᠨ ᠳᠤ ᠮᠥᠩᠭᠦᠨ ᠱᠠᠩᠨᠠᠯ ᠭᠥᠷᠳᠡᠪᠡ᠂ ᠡᠨᠡ ᠪᠣᠯ ᠣᠲᠣ ᠪᠣᠯᠲᠠᠯ᠎ᠠ ᠤᠯᠠᠭᠠᠨᠴᠠᠪ ᠤᠨ ᠲᠣᠰ ᠬᠦᠷᠢᠶᠡᠨ ᠳᠤ ᠣᠯᠤᠭᠰᠠᠨ ᠬᠠᠮᠤᠭ ᠤᠨ ᠳᠡᠭᠡᠳᠦ ᠢᠷᠠᠭᠤ ᠠᠯᠳᠠᠷ ᠮᠥᠨ᠃    ᠬᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠤᠨ ᠣᠯᠠᠩᠬᠢ ᠨᠢ ᠣᠶᠤᠨ ᠰᠠᠨᠠᠭᠠᠨ ᠤ ᠬᠠᠨᠢ ᠪᠣᠯᠵᠣ ᠪᠠᠶᠢᠭ᠎ᠠ ᠶᠠᠪᠤᠳᠠᠯ ᠮᠥᠨ᠂ ᠵᠣᠣ ᠫᠤᠩ ᠡᠳ᠋ ᠪᠣᠳᠠᠰ ᠤᠨ ᠲᠠᠯ᠎ᠠ ᠪᠠᠷ ᠲᠡᠳᠡᠨ ᠢ ᠬᠠᠪᠰᠤᠷᠤᠨ ᠲᠡᠳᠬᠦᠬᠦ ᠠᠴᠠ ᠭᠠᠳᠠᠨ᠎ᠠ ᠪᠠᠰᠠ ︽2.17 ᠬᠠᠶᠢᠷ᠎ᠠ ᠪᠠᠨ ᠬᠠᠮᠲᠤᠳᠬᠠᠬᠤ ᠲᠥᠯᠥᠪᠯᠡᠭᠡ︾ ᠶᠢ ᠤᠬᠠᠭᠠᠯᠠᠨ ᠰᠡᠳᠦᠵᠦ᠂ ᠬᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠲᠤ ᠬᠠᠨᠳᠤᠭᠤᠯᠤᠨ᠂ ᠰᠡᠳᠬᠢᠯ ᠰᠠᠨᠠᠭᠠᠨ ᠤ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠬᠤᠶᠠᠷ ᠰᠠᠶᠢᠨ ᠳᠤᠷ᠎ᠠ ᠶᠢᠨ ᠠᠵᠢᠯᠯᠠᠭᠴᠢ᠂ ᠨᠢᠭᠡ ᠬᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠲᠤ ᠲᠤᠯᠤᠭᠠᠨ ᠴᠠᠭ ᠬᠠᠨᠢ ᠪᠣᠯᠵᠣ ᠪᠠᠶᠢᠨ᠎ᠠ᠃ ᠬᠡᠷ ᠪᠦᠯᠢ ᠶᠢ ᠳᠠᠭᠤᠷᠢᠶᠠᠬᠤ ᠬᠡᠯᠪᠡᠷᠢ ᠨᠢ ᠬᠡᠤᠬᠡᠳ ᠤᠨ ᠪᠠᠶᠠᠷ ᠳᠤᠷᠠᠰᠬᠠᠯ ᠤᠨ ᠡᠳᠦᠷ ᠢ ᠪᠠᠶᠠᠷ ᠬᠥᠷ ᠲᠠᠢ ᠪᠣᠯᠭᠠᠵᠤ᠂ ᠣᠶᠤᠨ ᠰᠠᠨᠠᠭᠠᠨ ᠳᠤᠨᠢ ᠲᠦᠰᠢᠭ ᠲᠤᠯᠭᠠᠭᠤᠷᠢ ᠲᠠᠢ ᠪᠣᠯᠭᠠᠳᠠᠭ᠃    2020 ᠣᠨ ᠤ ᠡᠬᠢ ᠪᠠᠷ᠂ ᠭᠡᠨᠡᠳᠲᠡ ᠡᠭᠦᠰᠦᠭᠰᠡᠨ ᠨᠢᠭᠡ ᠤᠳᠠᠭᠠᠨ ᠤ ᠬᠢᠵᠢᠭ ᠤᠨ ᠪᠠᠶᠢᠳᠠᠯ ᠪᠦᠬᠦ ᠤᠯᠤᠰ ᠢ ᠬᠠᠮᠤᠷᠴᠠᠢ᠃ ᠵᠣᠣ  ᠫᠧᠩ 1 ᠰᠠᠷ᠎ᠠ ᠶᠢᠨ 28 ᠤ ᠡᠳᠦᠷ ᠠᠴᠠ ᠡᠬᠢᠯᠡᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠬᠠᠮᠤᠭ ᠤᠨ ᠲᠡᠷᠢᠭᠦᠨ ᠳᠤ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠲᠠᠲᠠᠵᠤ᠂ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠠᠷᠠᠭᠠᠬᠢ ᠳᠣᠯᠣᠭᠠᠨ ᠨᠡᠶᠢᠭᠡᠮ ᠲᠣᠭᠤᠷᠢᠭ ᠤᠨ 44 ᠰᠡᠷᠭᠡᠶᠢᠯᠡᠨ ᠡᠵᠡᠮᠳᠡᠬᠦ ᠴᠡᠭ ᠤᠨ ᠰᠡᠷᠭᠡᠶᠢᠯᠡᠨ ᠡᠵᠡᠮᠳᠡᠬᠦ ᠠᠵᠢᠯ ᠢ ᠬᠠᠪᠰᠤᠷᠴᠠᠶ᠃ ᠨᠡᠶᠢᠲᠡ 42 ᠡᠳᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠲᠡᠷᠡ ᠤᠯᠠᠭᠠᠨᠴᠠᠪ ᠤᠨ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠢ ᠳᠠᠭᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ 3680 ᠰᠢᠬᠠᠮ ᠬᠥᠮᠦᠨ ᠤᠳᠠᠭ᠎ᠠ ᠣᠷᠣᠯᠴᠠᠵᠤ᠂ 36800 ᠴᠠᠭ ᠦᠢᠯᠡᠴᠢᠯᠡᠵᠦ᠂ ᠳᠤᠮᠳᠠᠴᠢ ᠪᠠᠷ ᠡᠳᠦᠷ ᠪᠦᠷᠢ ᠶᠢᠨ ᠠᠵᠢᠯ ᠤᠨ ᠪᠠᠶᠢᠷᠢ ᠳᠤ ᠪᠠᠶᠢᠭ᠎ᠠ ᠰᠠᠶᠢᠨ ᠳᠤᠷ᠎ᠠ ᠶᠢᠨ ᠠᠵᠢᠯᠯᠠᠭᠴᠢᠳ ᠤᠨ ᠲᠤᠭ᠎ᠠ ᠪᠠᠷᠤᠭ 90 ᠬᠥᠮᠦᠨ ᠪᠠᠶᠢᠵᠤ᠂ ᠦᠢᠯᠡᠴᠢᠯᠡᠭᠴᠢᠳ ᠤᠨ ᠲᠤᠭ᠎ᠠ ᠪᠠᠷᠤᠭ 32000 ᠬᠥᠮᠦᠨ ᠪᠠᠶᠢᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠵᠡᠷᠭᠡ ᠳᠤ ᠵᠣᠣ  ᠫᠧᠩ ᠪᠠᠰᠠ ᠭᠠᠳᠠᠭᠰᠢ ᠭᠠᠷᠴᠤ ᠨᠤᠲᠤᠭ ᠲᠠᠭᠠᠨ ᠪᠤᠴᠠᠭᠰᠠᠨ ᠬᠥᠮᠦᠰ ᠲᠤ ᠠᠮᠢᠳᠤᠷᠠᠯ ᠤᠨ ᠡᠳ᠋ ᠪᠣᠳᠠᠰ ᠬᠤᠳᠠᠯᠳᠤᠨ ᠠᠪᠴᠤ ᠥᠭᠬᠦ ᠬᠦᠨᠳᠦ ᠡᠭᠦᠷᠭᠡ ᠶᠢ ᠡᠭᠦᠷᠭᠡᠯᠡᠵᠦ᠂ ᠡᠳᠦᠷ ᠪᠦᠷᠢ ᠳᠤᠮᠳᠠᠴᠢ ᠪᠠᠷ ᠠᠷᠪᠠ ᠭᠠᠷᠤᠶ ᠡᠷᠦᠬᠡ ᠲᠤᠰᠠᠭᠠᠷᠯᠠᠭᠰᠠᠨ ᠬᠥᠮᠦᠰ ᠲᠤ ᠡᠳ᠋ ᠪᠣᠳᠠᠰ ᠵᠥᠭᠡᠭᠡᠪᠦᠷᠢᠯᠡᠵᠦ ᠥᠭᠴᠡᠶ᠃    ᠵᠤᠤ ᠫᠧᠩ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠠᠵᠢᠯᠯᠠᠭ᠎ᠠ ᠶᠢ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠠᠨ ᠪᠣᠯᠭᠠᠵᠤ᠂ ︽ᠨᠥᠬᠦᠷᠰᠡᠭ ᠬᠠᠶᠢᠷ᠎ᠠ ᠪᠠᠨ ᠡᠷᠭᠦᠵᠦ ᠬᠠᠷᠢᠯᠴᠠᠨ ᠬᠠᠪᠰᠤᠷᠤᠯᠴᠠᠨ ᠲᠠᠪᠰᠢᠬᠤ︾ ᠰᠠᠶᠢᠨ ᠳᠤᠷ᠎ᠠ ᠶᠢᠨ ᠠᠵᠢᠯᠯᠠᠭᠴᠢ ᠶᠢᠨ ᠵᠣᠷᠢᠭ ᠰᠠᠨᠠᠭ᠎ᠠ ᠶᠢ ᠳᠤᠮᠳᠠᠳᠤ ᠶᠢᠨ ᠡᠬᠡ ᠭᠠᠵᠠᠷ ᠲᠤ ᠡᠭᠦᠷᠢᠳᠡ ᠤᠯᠠᠮᠵᠢᠯᠠᠨ ᠳᠡᠯᠭᠡᠷᠡᠭᠦᠯᠵᠡᠢ᠃                                             ᠨᠠᠶᠢᠷᠠᠭᠤᠯᠤᠭᠴᠢ᠄   ᠯᠢ ᠬᠤᠩ ᠢᠦᠢ                                               ᠤᠷᠴᠢᠭᠤᠯᠤᠭᠴᠢ᠄   ᠼᠦᠢ ᠴᠢᠩ ᠢᠷᠡᠯᠲᠡ᠄ ᠳᠤᠮᠳᠠᠳᠤ ᠤᠯᠤᠰ ᠤᠨ ᠪᠣᠯᠪᠠᠰᠤᠨ ᠤ ᠰᠦᠯᠵᠢᠶ᠎ᠡ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2