ᠯᠢᠶᠠᠩᠴᠧᠩ ᠰᠢᠶᠠᠨ ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︵2022 ᠣᠨ︶ ᠤᠨ 18 ᠳ᠋ᠤᠭᠠᠷ ᠲᠣᠭᠠᠲᠤ ᠠᠯᠪᠠᠨ ᠵᠠᠷ
ᠨᠡᠶᠢᠲᠡᠯᠡᠭᠰᠡᠨ ᠴᠠᠭ᠄
2022/4/23
   ᠯᠢᠶᠠᠩᠴᠧᠩ ᠰᠢᠶᠠᠨ ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︵2022 ᠣᠨ︶ ᠤᠨ 18 ᠳ᠋ᠤᠭᠠᠷ ᠲᠣᠭᠠᠲᠤ ᠠᠯᠪᠠᠨ ᠵᠠᠷ    ᠮᠠᠨ ᠤ ᠰᠢᠶᠠᠨ ᠳᠤ ︵ᠪᠤᠴᠠᠵᠤ ᠢᠷᠡᠬᠦ  ︶  ᠬᠦᠮᠦᠰ ‍ᠦᠨ‌ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠯᠪᠠᠨ ᠵᠠᠷ ᠥᠷᠭᠡᠨ ᠤᠯᠠᠨ ᠰᠠᠭᠤᠭᠠᠯᠢ ︵ᠲᠣᠰᠬᠤᠨ ᠤ︶ ᠠᠷᠠᠳ ᠤᠨ  ᠨᠠᠶᠢᠵᠠ ᠨᠠᠷ ᠠ᠄    ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠦᠨᠡᠨ ᠬᠦ ᠰᠠᠶᠢᠲᠤᠷ ᠪᠠᠬᠢᠵᠢᠭᠦᠯᠵᠦ᠂ ᠥᠷᠭᠡᠨ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠰᠠᠶᠢᠲᠤᠷ ᠪᠠᠲᠤᠯᠠᠬᠤ ᠶᠢᠨ ᠲᠥᠯᠥᠭᠡ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠪᠠ ᠤᠯᠠᠭᠠᠨᠴᠠᠪ ᠬᠤᠳᠠ ᠶᠢᠨ ᠰᠢᠨ᠎ᠡ ᠲᠢᠲᠢᠮᠯᠢᠭ  ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ﹇2022﹈ 9  ᠳ᠋ᠦ᠋ᠭᠡᠷ ᠲᠣᠭᠠᠲᠤ ᠠᠯᠪᠠᠨ ᠵᠠᠷ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠳᠤ ᠲᠤᠬᠢᠷᠠᠭᠤᠯᠤᠯᠳᠠ ᠬᠢᠭᠰᠡᠨ ᠤ ᠳᠠᠷᠠᠭᠠᠬᠢ ᠮᠠᠨ ᠤ ᠰᠢᠶᠠᠨ ᠤ ᠬᠥᠮᠦᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠯᠪᠠᠨ ᠵᠠᠷ ᠢᠶᠠᠷ ᠨᠡᠶᠢᠲᠡᠯᠡᠶ᠎ᠡ᠃    ᠨᠢᠭᠡ᠂ ᠤᠢᠢᠷ᠎ᠠ ᠶᠢᠨ 14 ᠤ ᠡᠳᠦᠷ ᠤᠯᠠᠭᠠᠨᠴᠠᠪ ᠬᠤᠳᠠ ᠶᠢᠨ ᠭᠠᠳᠠᠨ᠎ᠠ ᠵᠤᠭᠠᠴᠠᠨ ᠰᠠᠭᠤᠭᠰᠠᠨ ᠲᠡᠦᠬᠡ ᠲᠠᠢ ᠬᠥᠮᠦᠰ ᠮᠠᠨ ᠤ ᠰᠢᠶᠠᠨ ᠳᠤ ᠢᠷᠡᠬᠦ ︵ᠪᠤᠴᠠᠵᠤ ᠢᠷᠡᠬᠦ︶ ᠳᠤ ᠡᠷᠬᠡᠪᠰᠢ 2 ᠡᠳᠦᠷ ᠤᠨ ᠡᠮᠦᠨ᠎ᠡ ᠵᠣᠷᠢᠭᠰᠠᠨ ᠭᠠᠵᠠᠷ ᠤᠨ ᠨᠡᠶᠢᠭᠡᠮ ᠲᠣᠭᠤᠷᠢᠭ ︵ᠲᠣᠰᠬᠤᠨ︶᠂ ᠪᠠᠶᠢᠭᠤᠯᠤᠯᠭ᠎ᠠ ᠨᠢᠭᠡᠴᠡ ᠪᠤᠶᠤ ᠪᠠᠭᠤᠳᠠᠯ ᠳᠤ ᠬᠤᠨᠣᠬᠤ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ ᠪᠥᠭᠡᠳ 24 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ + ᠮᠠᠨ ᠤ ᠰᠢᠶᠠᠨ ᠳᠤ ᠢᠷᠡᠬᠦ ᠴᠢᠬᠤᠯᠠ ᠴᠢᠨᠠᠷ ᠤᠨ ᠭᠡᠷᠡᠴᠢ ︵ᠠᠵᠢᠯᠯᠠᠵᠤ ᠪᠠᠶᠢᠭ᠎ᠠ ᠪᠠᠶᠢᠭᠤᠯᠤᠯᠭ᠎ᠠ᠂ ᠡᠮᠴᠢᠯᠡᠭᠡᠨ ᠤ ᠪᠠᠶᠢᠭᠤᠯᠤᠮᠵᠢ ᠪᠤᠶᠤ ᠨᠡᠶᠢᠭᠡᠮ ᠲᠣᠭᠤᠷᠢᠭ ᠵᠡᠷᠭᠡ ᠠᠴᠠ ᠭᠠᠷᠭᠠᠭᠰᠠᠨ ᠴᠢᠬᠤᠯᠠ ᠪᠦᠬᠦᠢ ᠪᠠᠶᠢᠳᠠᠯ ᠤᠨ ᠲᠣᠳᠣᠷᠬᠠᠶᠢᠯᠠᠯᠲᠠ︶ ᠶᠢ ᠬᠠᠩᠭᠠᠪᠠᠯ ᠰᠠᠶ᠋ᠢ ᠣᠷᠣᠵᠤ ᠪᠣᠯᠤᠨ᠎ᠠ᠃ ᠬᠦᠷᠦᠭᠰᠡᠨ ᠤ ᠳᠠᠷᠠᠭ᠎ᠠ ᠲᠡᠷᠡ ᠳᠠᠷᠤᠢ ᠳᠤᠨᠢ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠲᠣᠰᠬᠤᠨ︶᠂ ᠪᠠᠶᠢᠭᠤᠯᠤᠯᠭ᠎ᠠ ᠨᠢᠭᠡᠴᠡ ᠪᠤᠶᠤ ᠪᠠᠭᠤᠳᠠᠯ ᠳᠤ ᠣᠷᠣᠵᠤ ᠰᠠᠭᠤᠭᠠᠳ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ  ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃    ᠬᠤᠶᠠᠷ ᠲᠤ᠂ ᠱᠠᠩᠬᠠᠶ ᠬᠤᠲᠠ᠂ ᠭᠢᠷᠢᠨ ᠮᠤᠵᠢ ᠵᠡᠷᠭᠡ ᠬᠢᠵᠢᠭ ᠤᠨ ᠪᠠᠶᠢᠳᠠᠯ ᠤᠨ ᠭᠤᠤᠯᠳᠠᠯᠭ᠎ᠠ ᠲᠠᠢ ᠭᠠᠵᠠᠷ ᠣᠷᠣᠨ ︵ᠬᠥᠳᠡᠯᠦᠩᠭᠦᠶ ᠲᠣᠬᠢᠷᠠᠭᠤᠯᠤᠯᠲᠠ︶ ᠠᠴᠠ ᠮᠠᠨ ᠤ ᠰᠢᠶᠠᠨ ᠤ ᠬᠥᠮᠦᠰ ᠲᠤ ᠢᠷᠡᠬᠦ ︵ᠪᠤᠴᠠᠬᠤ︶ ᠠᠵᠢᠯ ᠢ ᠴᠢᠩᠭ᠎ᠠ ᠬᠡᠷᠡᠭᠵᠢᠭᠦᠯᠦᠨ᠎ᠡ᠄ 14 ᠡᠳᠦᠷ ᠤᠨ ᠳᠣᠲᠣᠷ᠎ᠠ ᠲᠥᠪᠯᠡᠷᠡᠭᠦᠯᠦᠨ ᠲᠤᠰᠠᠭᠠᠷᠯᠠᠬᠤ + 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠠ︔ ᠲᠥᠪᠯᠡᠷᠡᠭᠦᠯᠦᠨ ᠲᠤᠰᠠᠭᠠᠷᠯᠠᠬᠤ ᠳᠤ 1᠂ 4᠂ 7᠂ 10᠂ 14 ᠳ᠋ᠦᠭᠡᠷ ᠡᠳᠦᠷ ᠲᠤ 5 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7 ᠳ᠋ᠤᠭᠠᠷ ᠡᠳᠦᠷ ᠲᠤ 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠲᠥᠪᠯᠡᠷᠡᠭᠦᠯᠦᠨ ᠲᠤᠰᠠᠭᠠᠷᠯᠠᠬᠤ ᠳᠤ 14 ᠳ᠋ᠦᠭᠡᠷ ᠡᠳᠦᠷ ᠲᠤ ᠬᠤᠶᠠᠷ ᠢ ᠲᠡᠭᠦᠵᠦ ᠬᠤᠶᠠᠷ ᠢ ᠪᠠᠶᠢᠴᠠᠭᠠᠬᠤ ᠠᠷᠭ᠎ᠠ ᠮᠠᠶ᠋ᠢᠭ ᠢᠶᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ    ᠭᠤᠷᠪᠠ᠂ ᠤᠯᠤᠰ ᠤᠨ ᠳᠣᠲᠣᠭᠠᠳᠤ ᠶᠢᠨ ᠳᠤᠮᠳᠠ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠪᠠᠶᠢᠭ᠎ᠠ ᠭᠠᠵᠠᠷ ᠤᠨ ᠬᠤᠲᠠ ᠠᠴᠠ ᠢᠷᠡᠭᠰᠡᠨ ︵ᠪᠤᠴᠠᠵᠤ ᠢᠷᠡᠭᠰᠡᠨ︶ ᠮᠠᠨ ᠤ ᠰᠢᠶᠠᠨ ᠤ ᠬᠥᠮᠦᠰ ᠲᠤ᠄ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ + 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ ᠬᠡᠷᠡᠭᠵᠢᠭᠦᠯᠦᠨ᠎ᠡ︔ ᠲᠥᠪᠯᠡᠷᠡᠭᠦᠯᠦᠨ ᠲᠤᠰᠠᠭᠠᠷᠯᠠᠬᠤ ᠳᠤ 1᠂ 4᠂ 7᠂ 10᠂ 14 ᠳ᠋ᠦᠭᠡᠷ ᠡᠳᠦᠷ ᠲᠤ 5 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7 ᠳ᠋ᠤᠭᠠᠷ ᠡᠳᠦᠷ ᠲᠤ 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠲᠥᠪᠯᠡᠷᠡᠭᠦᠯᠦᠨ ᠲᠤᠰᠠᠭᠠᠷᠯᠠᠬᠤ ᠳᠤ 14 ᠳ᠋ᠦᠭᠡᠷ ᠡᠳᠦᠷ ᠲᠤ ᠬᠤᠶᠠᠷ ᠢ ᠲᠡᠭᠦᠵᠦ ᠬᠤᠶᠠᠷ ᠢ ᠪᠠᠶᠢᠴᠠᠭᠠᠬᠤ ᠠᠷᠭ᠎ᠠ ᠮᠠᠶ᠋ᠢᠭ ᠢᠶᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ᠃    ᠳᠥᠷᠪᠡ᠂ ᠲᠣᠰ ᠭᠠᠵᠠᠷ ᠣᠷᠣᠨ ᠤ ᠰᠢᠨ᠎ᠡ  ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠲᠠᠢ ᠲᠤᠰᠬᠠᠶ ᠣᠷᠣᠨ ᠬᠤᠲᠠ ︵ᠲᠦᠭᠰᠢᠭᠦᠷᠢ ᠶᠢᠨ ᠲᠠᠰ ᠢ ᠨᠢ ᠳᠡᠭᠡᠭᠰᠢᠯᠡᠭᠦᠯᠦᠭᠰᠡᠨ ᠥᠬᠡᠶ︶ ᠠᠴᠠ ᠮᠠᠨ ᠤ ᠰᠢᠶᠠᠨ ᠤ ᠬᠥᠮᠦᠰ ᠲᠤ ᠢᠷᠡᠬᠦ ︵ᠪᠤᠴᠠᠬᠤ︶᠂ 7 ᠡᠳᠦᠷ ᠤᠨ ᠬᠡᠷ ᠪᠦᠯᠢ ᠶᠢᠨ ᠲᠤᠰᠠᠭᠠᠷᠯᠠᠯ + 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ ᠬᠡᠷᠡᠭᠵᠢᠭᠦᠯᠦᠨ᠎ᠡ︔ ᠬᠡᠷ ᠪᠦᠯᠢ ᠶᠢᠨ ᠲᠤᠰᠠᠭᠠᠷᠯᠠᠯ ᠤᠨ 2᠂ 4᠂ 7 ᠳ᠋ᠤᠭᠠᠷ ᠡᠳᠦᠷ ᠲᠤ 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7 ᠳ᠋ᠤᠭᠠᠷ ᠡᠳᠦᠷ ᠲᠤ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠪᠦᠯᠢ ᠶᠢᠨ ᠲᠤᠰᠠᠭᠠᠷᠯᠠᠯ ᠤᠨ 7 ᠳ᠋ᠤᠭᠠᠷ ᠡᠳᠦᠷ ᠲᠤ ᠬᠤᠶᠠᠷ ᠢ ᠲᠡᠭᠦᠵᠦ ᠬᠤᠶᠠᠷ ᠢ ᠪᠠᠶᠢᠴᠠᠭᠠᠬᠤ ᠠᠷᠭ᠎ᠠ ᠮᠠᠶ᠋ᠢᠭ ᠢᠶᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ ᠃ ᠬᠡᠷ ᠲᠤᠨᠢ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠥᠬᠡᠶ ᠬᠥᠮᠦᠰ ᠲᠤ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ᠲᠠᠪᠤ᠂ ᠲᠣᠰ ᠭᠠᠵᠠᠷ ᠣᠷᠣᠨ ᠤ ᠰᠢᠨ᠎ᠡ  ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠥᠬᠡᠶ ᠲᠤᠰᠬᠠᠶ ᠣᠷᠣᠨ ᠬᠤᠲᠠ ᠠᠴᠠ ᠮᠠᠨ ᠤ ᠰᠢᠶᠠᠨ ᠤ ᠬᠥᠮᠦᠰ ᠲᠤ᠄ 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ ᠬᠡᠷᠡᠭᠵᠢᠭᠦᠯᠦᠨ᠎ᠡ︔ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7 ᠳ᠋ᠤᠭᠠᠷ ᠡᠳᠦᠷ ᠲᠤ 2 ᠤᠳᠠᠭ᠎ᠠ ᠪᠥᠭᠡᠮ ᠬᠦᠴᠢᠯ ᠤᠨ ᠬᠢᠨᠠᠨ ᠬᠡᠮᠵᠢᠯᠲᠡ ᠬᠢᠨ᠎ᠠ᠃    ᠵᠢᠷᠭᠤᠭ᠎ᠠ᠂ ᠣᠶᠢᠷ᠎ᠠ ᠶᠢᠨ 14 ᠤ ᠡᠳᠦᠷ ᠤᠯᠠᠭᠠᠨᠴᠠᠪ ᠬᠤᠲᠠ ᠶᠢᠨ ᠭᠠᠳᠠᠨ᠎ᠠ ᠰᠠᠭᠤᠷᠢᠰᠢᠭᠰᠠᠨ ᠲᠡᠤᠬᠡ ᠥᠬᠡᠶ ᠬᠥᠮᠦᠰ ᠬᠤᠰᠢᠭᠤ ᠰᠢᠶᠠᠨ ᠠᠯᠤᠰᠯᠠᠨ ᠮᠠᠨ ᠤ ᠰᠢᠶᠠᠨ ᠳᠤ ᠣᠷᠣᠬᠤ ᠳᠤ ᠡᠷᠬᠡᠪᠰᠢ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠬᠡᠷᠡᠭᠲᠡᠶ᠃    ᠳᠣᠯᠤᠭ᠎ᠠ᠂ ᠪᠥᠬᠦ ᠰᠢᠶᠠᠨ ᠤ ᠡᠯ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠥᠷᠲᠡᠭᠡ᠂ ᠡᠯ᠎ᠡ ᠲᠥᠷᠥᠯ ᠤᠨ ᠲᠠᠯᠠᠪᠤᠷ ᠭᠠᠵᠠᠷ ᠤᠳ ᠪᠠᠶᠢᠴᠠᠭᠠᠨ ᠰᠢᠯᠭᠠᠬᠤ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ᠂ ᠲᠠᠯᠠᠪᠤᠷ ᠭᠠᠵᠠᠷ ᠤᠨ ᠨᠣᠮᠧᠷ ᠢ ᠱᠦᠭᠦᠷᠳᠡᠨ ᠠᠷᠢᠯᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠠᠵᠢᠯ ᠲᠥᠷᠥᠯ  ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ  ᠤᠳ ᠬᠢᠨᠠᠯᠲᠠ ᠲᠠᠯᠪᠢᠵᠤ ᠪᠠᠶᠢᠴᠠᠭᠠᠬᠤ  ᠶᠢ ᠦᠷᠭᠦᠯᠵᠢᠯᠡᠨ ᠰᠠᠶᠢᠲᠤᠷ ᠬᠢᠵᠦ᠂ ᠭᠤᠣᠯᠳᠠᠯᠭ᠎ᠠ ᠲᠠᠢ ᠭᠠᠵᠠᠷ ᠲᠠᠯᠠᠪᠤᠷ᠂ ᠭᠤᠣᠯᠳᠠᠯᠭ᠎ᠠ ᠲᠠᠢ ᠠᠵᠢᠯ  ᠤᠨ ᠪᠠᠶᠢᠷᠢ᠂ ᠭᠤᠣᠯᠳᠠᠯᠭ᠎ᠠ ᠲᠠᠢ ᠬᠥᠮᠦᠰ ᠵᠢᠴᠢ ᠬᠢᠵᠢᠭ ᠲᠤ ᠬᠤᠯᠪᠣᠭᠳᠠᠬᠤ ᠭᠠᠵᠠᠷ ᠣᠷᠣᠨ  ᠤ ᠰᠢᠦᠳᠠᠨ  ᠤ ᠵᠦᠢᠯ᠂ ᠲᠦᠷᠭᠡᠨ ᠬᠦᠷᠭᠡᠯᠲᠡ᠂ ᠢᠳᠡᠭᠡᠨ ᠵᠡᠷᠭᠡ  ᠤᠨ ᠬᠢᠨᠠᠨ ᠬᠠᠮᠢᠶᠠᠷᠬᠤ ᠡᠷᠴᠢᠮ  ᠢᠶᠠᠨ ᠴᠢᠩᠭᠠᠳᠬᠠᠬᠤ ᠬᠡᠷᠡᠭᠲᠡᠶ᠃    ᠨᠠᠢᠮᠠ᠂ ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠪᠠ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠠᠯᠪᠠᠨ ᠵᠠᠷ ᠢ ᠨᠢᠭᠲᠠ ᠠᠩᠬᠠᠷᠴᠤ᠂ ᠬᠤᠪᠢ ᠬᠥᠮᠦᠨ ᠤ ᠰᠡᠷᠭᠡᠶᠢᠯᠡᠯᠲᠡ ᠶᠢ ᠬᠢᠨᠠᠮᠠᠭᠠᠶ ᠰᠠᠶᠢᠲᠤᠷ ᠬᠢᠵᠦ᠂ ᠵᠠᠪᠠᠯ ᠮᠠᠨ ᠤ ᠰᠢᠶᠠᠨ ᠢᠶᠠᠷ ᠣᠷᠣᠵᠤ ᠭᠠᠷᠬᠤ ᠦᠭᠡᠢ ᠪᠠᠶᠢᠬᠤ ᠬᠡᠷᠡᠭᠲᠡᠶ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃    ᠲᠠᠶᠢᠯᠪᠤᠷᠢ᠄ 1. ᠬᠥᠬᠡᠬᠤᠲᠠ ᠠᠴᠠ ᠮᠠᠨ ᠤ ᠰᠢᠶᠠᠨ ᠳᠤ ᠪᠤᠴᠠᠵᠤ ᠢᠷᠡᠭᠰᠡᠨ ᠬᠥᠮᠦᠰ ᠳᠡᠭᠡᠷ᠎ᠡ ᠳᠤᠷᠠᠳᠤᠭᠰᠠᠨ ᠲᠠᠪᠤᠳᠤᠭᠠᠷ ᠵᠤᠷᠪᠤᠰ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃    2. ᠨᠢᠭᠡᠨᠲᠡ ᠮᠠᠨ ᠤ ᠰᠢᠶᠠᠨ ᠳᠠᠭᠠᠨ ᠪᠤᠴᠠᠭᠰᠠᠨ ᠬᠥᠮᠦᠰ ᠲᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ︽ᠨᠥᠬᠦᠵᠦ ᠭᠦᠶ᠋ᠴᠡᠭᠡᠬᠦ︾ ᠵᠠᠷᠴᠢᠮ ᠶᠣᠰᠣᠭᠠᠷ ᠬᠡᠷᠡᠭᠵᠢᠭᠦᠯᠦᠨ᠎ᠡ᠃    3. ᠬᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢ ᠬᠢᠨᠠᠨ ᠰᠢᠯᠭᠠᠬᠤ ᠠᠵᠢᠯᠲᠠᠨ ᠪᠦᠬᠦᠨ ︽ᠬᠤᠶᠠᠷ ᠢ ᠰᠠᠶᠢᠲᠤᠷ ᠬᠢᠵᠦ᠂ ᠨᠢᠭᠡ ᠶᠢ ᠴᠠᠭ ᠲᠤᠬᠠᠶ ᠳᠤᠨᠢ ᠬᠢᠵᠦ᠂ ᠲᠠᠪᠤ ᠶᠢ ᠥᠯᠥ ᠬᠢᠬᠦ︾ ᠬᠡᠷᠡᠭᠲᠡᠶ᠃ ︽ᠬᠤᠶᠠᠷ ᠢ ᠰᠠᠶᠢᠲᠤᠷ ᠬᠢᠬᠦ︾ ᠭᠡᠳᠡᠭ ᠨᠢ ᠳᠠᠷᠤᠶ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠭᠠᠳᠠᠭᠰᠢ ᠭᠠᠷᠬᠤ ᠴᠢᠬᠤᠯᠠᠲᠠᠶ ᠪᠣᠯ ᠬᠤᠪᠢ ᠬᠥᠮᠦᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠠᠪᠤᠳᠠᠯ ᠪᠣᠯᠤᠨ᠎ᠠ︔ ︽ᠴᠠᠭ ᠲᠤᠬᠠᠶ ᠳᠤᠨᠢ︾᠂ ᠲᠤᠬᠠᠶᠢᠯᠠᠪᠠᠯ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷ ᠤᠨ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠪᠡᠶ᠎ᠡ ᠡᠪ ᠥᠬᠡᠶ ᠪᠣᠯᠬᠤ ᠢᠯᠡᠷᠡᠯ ᠭᠠᠷᠪᠠᠯ᠂ ᠳᠠᠷᠦ᠋ᠢᠬᠠᠨ ᠨᠡᠶᠢᠭᠡᠮ ᠲᠣᠭᠤᠷᠢᠭ ᠲᠤ ᠮᠡᠳᠡᠭᠦᠯᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠴᠠᠭᠠᠷᠢᠭᠯᠠᠨ ᠰᠢᠯᠵᠢᠭᠦᠯᠦᠨ ᠬᠦᠷᠭᠡᠵᠦ ᠵᠢᠭᠰᠠᠭᠠᠨ ᠪᠠᠶᠢᠴᠠᠭᠠᠨ᠎ᠠ︔ ︽ᠲᠠᠪᠤᠨ ᠦᠭᠡᠢ︾ ᠭᠡᠳᠡᠭ ᠨᠢ ᠭᠠᠳᠠᠭᠰᠢ ᠭᠠᠷᠬᠤ ᠦᠭᠡᠢ᠂ ᠬᠠᠮᠲᠤ ᠬᠤᠭᠤᠯᠠᠯᠠᠬᠤ᠂ ᠴᠤᠭᠯᠠᠬᠤ ᠦᠭᠡᠢ᠂ ᠴᠤᠭᠯᠠᠬᠤ ᠦᠭᠡᠢ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠦᠭᠡᠢ᠂ ᠲᠦᠷᠦᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠦᠭᠡᠢ᠂ ᠬᠡᠦᠬᠡᠳ ᠢ ᠲᠣᠰᠴᠤ ᠬᠦᠷᠭᠡᠬᠦ ᠦᠭᠡᠢ᠂ ᠬᠥᠮᠦᠨ ᠬᠠᠷ᠎ᠠ ᠬᠤᠷᠠᠨ ᠴᠤᠭᠯᠠᠷᠠᠳᠠᠭ ᠭᠠᠵᠠᠷ ᠲᠤ ᠣᠷᠣᠬᠤ ᠦᠭᠡᠢ ᠪᠠᠶᠢᠬᠤ ᠶᠢᠨ ᠴᠢᠬᠤᠯᠠ ᠦᠭᠡᠢ ᠭᠡᠳᠡᠭ ᠢ ᠬᠡᠯᠡᠵᠦ ᠪᠠᠶᠢᠨ᠎ᠠ᠃    4. ᠲᠤᠰ ᠠᠯᠪᠠᠨ ᠵᠠᠷ ᠲᠤ ᠬᠤᠯᠪᠣᠭᠳᠠᠬᠤ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠳᠤ ᠬᠢᠵᠢᠭ ᠤᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠡ᠃    ᠰᠢᠶᠠᠨ ᠤ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠰᠠᠭᠤᠨ ᠯᠠᠪᠯᠠᠬᠤ ᠤᠲᠠᠰᠤ᠄    ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0474 — 4200399    ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0474 — 4201758    ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠄ 0474 — 4486020    ᠰᠢᠶᠠᠩ ᠪᠠᠯᠭᠠᠰᠤᠨ ᠤ ᠠᠰᠠᠭᠤᠨ ᠯᠠᠪᠯᠠᠬᠤ ᠤᠲᠠᠰᠤ᠄    ᠬᠤᠩ ᠮᠤᠤ ᠪᠠᠯᠭᠠᠰᠤ᠄ 13704742647    ᠲᠠᠭ᠎ᠠ ᠶᠢᠨ ᠨᠠᠭᠤᠷ ᠪᠠᠯᠭᠠᠰᠤ᠄ 13134743475    ᠮᠠᠶᠢᠬᠤᠳᠤ ᠪᠠᠯᠭᠠᠰᠤ᠄ 13847476268    ᠵᠢᠷᠭᠤᠳᠤᠭᠠᠷ ᠰᠤᠮᠤ ᠪᠠᠯᠭᠠᠰᠤ᠄ 13847423373    ᠶᠦᠩ ᠰᠢᠩ ᠪᠠᠯᠭᠠᠰᠤ᠄ 13704742642    ᠮᠠᠩᠬᠠᠨ ᠪᠠᠯᠭᠠᠰᠤ᠄ 13947475406    ᠲᠢᠶᠠᠨ ᠴᠧᠩ ᠰᠢᠶᠠᠩ᠄ 15924554251    ᠼᠤᠤ ᠨᠢᠶᠠᠨ  ᠮᠠᠨᠵᠦ ᠦᠨᠳᠦᠰᠦᠳᠡᠨ ᠤ ᠰᠢᠶᠠᠩ᠄ 13789548266    ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄    ᠴᠢᠩ ᠯᠢᠨ ᠨᠡᠶᠢᠭᠡᠮ ᠲᠣᠭᠤᠷᠢᠭ᠄ 13150837129    ᠵᠢᠦ ᠶᠤᠸᠠᠨ ᠨᠡᠶᠢᠭᠡᠮ ᠲᠣᠭᠤᠷᠢᠭ᠄ 13088598302    ᠴᠢᠩ ᠶᠠᠩ ᠨᠡᠶᠢᠭᠡᠮ ᠲᠣᠭᠤᠷᠢᠭ᠄ 13904747525    ᠱᠤᠨ ᠾᠧ ᠵᠠᠮ ᠤᠨ ᠨᠡᠶᠢᠭᠡᠮ ᠲᠣᠭᠤᠷᠢᠭ᠄ 13284815686    ᠰᠢᠤᠸᠠᠨ  ᠳ᠋ᠧ ᠨᠡᠶᠢᠭᠡᠮ ᠲᠣᠭᠤᠷᠢᠭ᠄ 13848430056    ᠭᠤᠸᠠᠩ ᠮᠢᠩ ᠨᠡᠶᠢᠭᠡᠮ ᠲᠣᠭᠤᠷᠢᠭ᠄ 13847463384    ᠰᠢᠨᠬᠤᠸᠠ ᠬᠤᠷᠢᠶᠠᠨ ᠤ ᠲᠣᠭᠤᠷᠢᠭ᠄ 13171300286    ᠮᠦᠸᠧ ᠯᠢ ᠾᠧ ᠨᠡᠶᠢᠭᠡᠮ ᠲᠣᠭᠤᠷᠢᠭ᠄ 13847465515    ᠢ ᠬᠠᠶ ᠨᠡᠶᠢᠭᠡᠮ ᠲᠣᠭᠤᠷᠢᠭ᠄ 13190642864    ᠨᠢᠩ ᠶᠤᠸᠠᠨ ᠨᠡᠶᠢᠭᠡᠮ ᠲᠣᠭᠤᠷᠢᠭ᠄ 15849408828    ᠾᠧ ᠵᠢᠩ ᠨᠡᠶᠢᠭᠡᠮ ᠲᠣᠭᠤᠷᠢᠭ᠄ 13500642083    ᠵᠢᠦ ᠲᠠᠩ ᠨᠡᠶᠢᠭᠡᠮ ᠲᠣᠭᠤᠷᠢᠭ᠄ 15848419489    ᠶᠦᠨ ᠶᠢᠨ ᠨᠡᠶᠢᠭᠡᠮ ᠲᠣᠭᠤᠷᠢᠭ᠄ 13947479045    ᠰᠠᠨ ᠶᠢᠩ ᠨᠡᠶᠢᠭᠡᠮ ᠲᠣᠭᠤᠷᠢᠭ᠄ 15947703143     ᠬᠠᠶᠢᠴᠧᠩ ᠨᠡᠶᠢᠭᠡᠮ ᠲᠣᠭᠤᠷᠢᠭ᠄ 15904845559               ᠯᠢᠶᠠᠩᠴᠧᠩ ᠰᠢᠶᠠᠨ ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                     2022 ᠣᠨ ᠤ 4 ᠰᠠᠷ᠎ᠠ ᠶᠢᠨ 7 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2