ᠯᠢᠶᠠᠩᠴᠧᠩ ᠰᠢᠶᠠᠨ᠄ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠠᠷᠠᠳ ᠲᠤ ᠠᠰᠢᠭ ᠬᠦᠷᠲᠡᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/4/23
    4 ᠰᠠᠷ᠎ᠠ ᠶᠢᠨ 21 ᠤ ᠦᠳᠡ ᠶᠢᠨ ᠡᠮᠦᠨ᠎ᠡ ᠯᠢᠶᠠᠩᠴᠧᠩ ᠰᠢᠶᠠᠨ ᠤ 2022 ᠣᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠤᠨ ᠶᠢᠰᠦᠳᠦᠭᠡᠷ ᠨᠣᠮᠧᠷᠲᠤ ᠵᠠᠰᠠᠭ ᠵᠠᠬᠢᠷᠭᠠᠨ ᠤ ᠲᠣᠰᠬᠤᠨ ᠳᠤ ᠵᠢᠩᠬᠢᠨᠢ ᠪᠠᠷ ᠡᠬᠢᠯᠡᠪᠡ᠂ ᠲᠤᠰ ᠤᠳᠠᠭᠠᠨ ᠤ ᠠᠵᠢᠯᠯᠠᠭ᠎ᠠ ᠨᠢ ᠡᠮᠴᠢᠯᠡᠭᠡᠨ ᠤ ᠠᠯᠪᠠᠨ ᠵᠢᠷᠤᠮ ᠤᠨ ᠡᠮᠴᠢᠯᠡᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠤᠷᠠᠨ ᠰᠠᠶᠢᠬᠠᠨ ᠤ ᠲᠣᠭᠯᠠᠯᠲᠠ ᠂ ᠬᠠᠶᠢᠷ᠎ᠠ ᠬᠠᠯᠠᠮᠵᠢ ᠬᠠᠨᠳᠢᠪᠯᠠᠬᠤ ᠵᠡᠷᠭᠡ ᠪᠠᠶᠠᠯᠢᠭ ᠰᠠᠶᠢᠬᠠᠨ ᠤᠬᠠᠭᠤᠯᠭ᠎ᠠ ᠶᠢᠨ ᠦᠢᠯᠡᠴᠢᠯᠡᠭᠡᠨ ᠤ ᠬᠡᠯᠪᠡᠷᠢ ᠪᠠᠷ ᠲᠣᠰᠬᠤᠨ ᠤ ᠠᠷᠠᠳ ᠲᠤ ᠦᠢᠯᠡᠴᠢᠯᠡᠭᠡ᠂ ᠰᠣᠶᠣᠯ᠂ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ ᠶᠢᠨ ᠤᠨᠤᠯ ᠢ ᠬᠦᠷᠭᠡᠵᠡᠢ᠃
     ᠬᠠᠪᠤᠷ ᠤᠨ ᠤᠷᠢᠬᠠᠨ ᠰᠠᠯᠬᠢᠨ ᠳᠤ ᠳᠤᠯᠠᠭᠠᠷᠠᠵᠤ᠂ ᠥᠨᠢᠷ ᠴᠡᠴᠡᠭ ᠲᠣᠭᠤᠷᠴᠤᠭ ᠢᠶᠠᠷ ᠪᠢᠯᠬᠠᠨ᠎ᠠ᠃ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠤᠨ ᠶᠢᠰᠦᠳᠦᠭᠡᠷ ᠲᠣᠰᠬᠤᠨ ᠤ ᠵᠥᠪᠯᠡᠯ ᠤᠨ ᠪᠠᠭ᠎ᠠ ᠬᠦᠷᠢᠶᠡᠨ ᠳᠤ᠂ ︽ᠵᠠᠭᠤᠴᠢᠯᠠᠭᠤᠷ ᠢᠶᠠᠷ ᠬᠥᠳᠡᠭᠡ ᠠᠵᠤ ᠠᠬᠤᠢ ᠶᠢ ᠬᠠᠪᠰᠤᠷᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠷ ᠭᠤᠣᠯ ᠰᠡᠳᠦᠪ ᠪᠣᠯᠭᠠᠭᠰᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ︽ᠭᠤᠷᠪᠠ ᠶᠢ ᠬᠥᠳᠡᠭᠡ ᠪᠠᠭᠤᠯᠭᠠᠬᠤ︾ ᠦᠢᠯᠡᠴᠢᠯᠡᠭᠡᠨ ᠤ ᠠᠵᠢᠯᠯᠠᠭ᠎ᠠ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠦᠢᠯᠡᠴᠢᠯᠡᠭᠡᠨ  ᠤ ᠲᠥᠪ᠂ ᠰᠢᠶᠠᠨ ᠤ ᠡᠮᠨᠡᠯᠭᠡ ᠶᠢᠨ ᠬᠤᠷᠢᠶ᠎ᠠ᠂ ᠰᠢᠶᠠᠨ ᠤ ᠤᠯᠠᠭᠠᠨᠮᠥ᠋ᠴᠢᠷ ᠵᠢᠴᠢ ᠨᠡᠶᠢᠲᠡ ᠶᠢᠨ ᠠᠰᠠᠷᠠᠮᠵᠢ ᠶᠢᠨ ᠪᠦᠯᠬᠦᠮ ᠤᠨ ᠣᠶᠤᠨ ᠰᠠᠨᠠᠭᠠᠨ ᠤ ᠥᠷᠲᠡᠭᠡ ᠠᠴᠠ ᠢᠷᠡᠭᠰᠡᠨ ᠰᠠᠶᠢᠨ ᠳᠤᠷ᠎ᠠ ᠶᠢᠨ ᠠᠵᠢᠯᠯᠠᠭᠴᠢᠳ ᠬᠠᠮᠤᠭ ᠤᠨ ᠬᠠᠯᠠᠭᠤᠨ ᠳᠣᠲᠣᠨᠣ ᠠᠵᠢᠯᠯᠠᠭ᠎ᠠ ᠪᠠᠷ ᠢᠶᠠᠨ ᠲᠣᠰᠬᠤᠨ ᠤ ᠠᠷᠠᠳ ᠲᠤ ᠡᠯ᠎ᠡ ᠵᠦᠶ᠋ᠯ ᠤᠨ ᠦᠶ᠋ᠯᠡᠴᠢᠯᠡᠭᠡ ᠬᠠᠩᠭᠠᠵᠤ ᠪᠠᠶᠢᠨ᠎ᠠ᠃ ᠵᠠᠯᠠᠭᠤ ᠨᠠᠰᠤᠨ ᠤ ᠬᠠᠯᠠᠭᠤᠨ ᠰᠡᠳᠬᠢᠯᠭᠡ ᠲᠠᠢ ᠰᠠᠶᠢᠨ ᠳᠤᠷ᠎ᠠ ᠶᠢᠨ ᠠᠵᠢᠯᠯᠠᠭᠴᠢᠳ ᠲᠣᠰᠬᠤᠨ ᠤ ᠠᠷᠠᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠬᠤᠶᠢᠰᠢᠳᠠ ᠶᠢᠨ ᠦᠢᠯᠡᠳᠪᠦᠷᠢᠯᠡᠯ ᠢᠶᠠᠨ ᠬᠥᠭᠵᠢᠭᠦᠯᠬᠦ ᠲᠥᠯᠥᠪᠯᠡᠭᠡ ᠪᠠᠨ ᠠᠭᠤᠵᠢᠷᠠᠲᠠᠯ᠎ᠠ ᠶᠠᠷᠢᠯᠴᠠᠵᠤ᠂ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠤ ᠳᠠᠷᠠᠭᠠᠬᠢ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠨ ᠠᠭᠤᠵᠢᠷᠠᠲᠠᠯ᠎ᠠ ᠪᠣᠳᠣᠯᠬᠢᠯᠠᠪᠠ᠃ ᠲᠡᠳᠡ ᠪᠠᠰᠠ ᠪᠡᠯᠡᠭᠯᠡᠨ ᠬᠦᠷᠭᠡᠭᠰᠡᠨ ᠬᠤᠪᠴᠠᠰᠤ ᠬᠤᠨᠠᠷ᠂ ᠣᠷᠭᠠᠨᠢᠭ ᠪᠤᠷᠳᠤᠭᠤᠷ ᠵᠡᠷᠭᠡ ᠬᠡᠷᠡᠭᠯᠡᠭᠡᠨ ᠤ ᠡᠳ᠋ ᠪᠣᠳᠠᠰ ᠢ ᠲᠣᠰᠬᠤᠨ ᠤ ᠠᠷᠠᠳ ᠲᠤ ᠬᠦᠯᠢᠴᠡᠩᠭᠦᠶ ᠪᠠᠷ ᠨᠠᠷᠢᠨ ᠨᠢᠮᠪᠠᠶ ᠲᠦᠭᠡᠭᠡᠨ ᠥᠭᠴᠡᠶ᠃ ︽ᠭᠤᠷᠪᠠ ᠶᠢ ᠬᠥᠳᠡᠭᠡ ᠪᠠᠭᠤᠯᠭᠠᠬᠤ ᠠᠵᠢᠯᠯᠠᠭ᠎ᠠ ᠶᠡᠭᠡ ᠰᠠᠶᠢᠨ ᠪᠠᠶᠢᠨ᠎ᠠ᠂ ᠮᠠᠨ ᠤ ᠲᠣᠰᠬᠤᠨ ᠤ ᠠᠷᠠᠳ ᠲᠤ ᠣᠷᠭᠠᠨᠢᠭ ᠪᠤᠷᠳᠤᠭᠤᠷ ᠢ ᠬᠦᠷᠭᠡᠵᠦ᠂ ᠡᠪᠡᠳᠴᠢᠨ ᠦᠵᠡᠭᠦᠯᠵᠦ᠂ ᠬᠤᠪᠴᠠᠰᠤ ᠬᠤᠨᠠᠷ ᠢ ᠨᠢ ᠪᠠᠰᠠ ᠬᠦᠷᠭᠡᠪᠡ᠂ ᠲᠠᠨᠠᠷ ᠲᠤ ᠲᠠᠯᠠᠷᠬᠠᠵᠤ ᠪᠠᠶᠢᠨ᠎ᠠ︕︾ ᠭᠡᠵᠦ ᠬᠡᠯᠡᠪᠡ᠃ ᠶᠢᠰᠦᠳᠦᠭᠡᠷ ᠨᠣᠮᠧᠷᠲᠤ ᠵᠠᠰᠠᠭ ᠵᠠᠬᠢᠷᠭᠠᠨ ᠤ ᠲᠣᠰᠬᠤᠨ ᠤ ᠠᠷᠠᠳ ᠵᠠᠩ ᠮᠢ ᠣᠷᠭᠠᠨᠢᠭ ᠪᠤᠷᠳᠤᠭᠤᠷ ᠢ ᠲᠡᠭᠡᠭᠡᠵᠦ ᠠᠪᠴᠢᠷᠠᠬᠤ ᠶᠢᠨ ᠳᠠᠭᠠᠤ ᠪᠠᠶᠠᠷᠲᠠᠢ ᠪᠠᠷ ᠬᠡᠯᠡᠪᠡ᠃
     ᠰᠠᠶᠢᠨ ᠳᠤᠷ᠎ᠠ ᠶᠢᠨ ᠦᠢᠯᠡᠴᠢᠯᠡᠭᠡ ᠶᠢ ᠰᠠᠶᠢᠲᠤᠷ ᠬᠢᠬᠦ ᠶᠢᠨ ᠬᠠᠮᠲᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠯᠧᠺᠲ᠋ᠣᠷ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠲᠣᠰᠬᠤᠨ ᠤ ᠠᠷᠠᠳ ᠲᠤ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠤᠳᠠᠯ ᠦᠭᠡᠢ ᠡᠬᠢᠯᠡᠬᠦ ᠭᠡᠵᠦ ᠪᠠᠶᠢᠭ᠎ᠠ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠬᠦᠴᠦᠨ ᠨᠡᠮᠡᠷᠢᠯᠡᠪᠡ᠃ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠨᠠᠷᠢᠨ ᠨᠢᠮᠪᠠᠢ ᠨᠠᠶᠢᠷᠠᠭᠤᠯᠤᠭᠰᠠᠨ ᠭᠤᠶᠢᠳᠠ ᠰᠠᠶᠢᠬᠠᠨ ᠲᠣᠭᠯᠠᠯᠲᠠ ᠨᠤᠭᠤᠳ ᠢᠶᠠᠨ ᠶᠢᠰᠦᠳᠦᠭᠡᠷ ᠲᠣᠰᠬᠤᠨ ᠤ ᠠᠬᠠᠰ ᠵᠠᠬᠠᠰ ᠨᠤᠲᠤᠭ ᠤᠨ ᠠᠬ᠎ᠠ ᠳᠡᠭᠦᠦ ᠨᠡᠷ ᠲᠤ ᠡᠷᠭᠦᠨ ᠳᠡᠪᠰᠢᠭᠦᠯᠵᠦ᠂ ᠲᠣᠰᠬᠤᠨ ᠤ ᠠᠷᠠᠳ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠬᠤ ᠶᠢᠨ ᠳᠠᠭᠠᠤ ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠯᠲᠠ ᠳᠤ ᠠᠯᠠᠭ᠎ᠠ ᠲᠠᠰᠢᠨ ᠪᠠᠶᠠᠷ ᠵᠢᠷᠭᠠᠯ ᠤᠨ ᠢᠨᠢᠶᠡᠳᠦ ᠪᠢᠯᠬᠠᠨ᠎ᠠ᠃      ᠶᠢᠰᠦᠳᠦᠭᠡᠷ ᠨᠣᠮᠧᠷᠲᠤ ᠵᠠᠰᠠᠭ ᠵᠠᠬᠢᠷᠭᠠᠨ ᠤ ᠲᠣᠰᠬᠤᠨ ᠯᠢᠶᠠᠩᠴᠧᠩ ᠰᠢᠶᠠᠨ ᠤ ᠬᠠᠮᠤᠭ ᠤᠨ ᠡᠮᠦᠨ᠎ᠡ ᠵᠠᠬ᠎ᠠ ᠶᠢᠨ ᠮᠠ ᠳᠧᠦ ᠱᠠᠨ ᠠᠭᠤᠯᠠᠨ ᠤ ᠭᠦᠨ ᠳᠤ ᠪᠠᠶᠢᠷᠢᠯᠠᠵᠤ᠂ ᠵᠠᠮ ᠨᠢ ᠮᠤᠷᠤᠢ ᠰᠠᠷᠤᠢ ᠪᠠᠶᠢᠵᠤ᠂ ᠲᠣᠰᠬᠤᠨ ᠤ ᠠᠷᠠᠳ ᠶᠠᠪᠤᠵᠤ ᠰᠠᠭᠤᠬᠤ ᠳᠤ ᠲᠤᠩ ᠳᠥᠭᠦᠮ ᠦᠭᠡᠢ᠂ ᠡᠩ ᠤᠨ ᠦᠶ᠎ᠡ ᠳᠤ ᠡᠪᠡᠳᠴᠢᠨ ᠦᠵᠡᠭᠦᠯᠬᠦ ᠳᠤ ᠴᠦ ᠨᠡᠯᠢᠶᠡᠳ ᠬᠦᠴᠢᠷᠲᠡᠢ ᠪᠠᠶᠢᠳᠠᠭ᠃ ᠰᠢᠶᠠᠨ ᠤ ᠡᠮᠨᠡᠯᠭᠡ ᠶᠢᠨ ᠬᠤᠷᠢᠶᠠᠨ ᠠᠴᠠ ᠢᠷᠡᠭᠰᠡᠨ ᠡᠮᠴᠢ ᠲᠣᠰᠬᠤᠨ ᠤ ᠨᠠᠰᠤᠲᠠᠶᠢᠴᠤᠳ ᠲᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠭᠤᠣᠯᠳᠠᠭᠤ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠬᠠᠷᠠᠭ᠎ᠠ ᠶᠢ ᠬᠡᠮᠵᠢᠬᠦ᠂ ᠬᠡᠪᠡᠯᠢ ᠶᠢᠨ ᠬᠡᠰᠡᠭ ᠤᠨ ᠬᠡᠳᠦ ᠳᠣᠯᠭᠢᠶᠠᠨ ᠤ ᠪᠠᠶᠢᠴᠠᠭᠠᠯᠲᠠ ᠬᠢᠬᠦ ᠵᠡᠷᠭᠡ ᠡᠮᠴᠢᠯᠡᠭᠡᠨ ᠤ ᠦᠢᠯᠡᠴᠢᠯᠡᠭᠡ ᠬᠠᠩᠭᠠᠪᠠ᠃ ᠭᠠᠴᠠᠭᠠᠨ ᠤ ᠠᠷᠠᠳ ᠤᠨ ᠳᠤᠷᠠᠳᠤᠭᠰᠠᠨ ᠡᠪᠡᠳᠴᠢᠨ ᠤ ᠪᠠᠶᠢᠳᠠᠯ ᠤᠨ ᠲᠤᠬᠠᠶ ᠠᠰᠠᠭᠤᠯᠲᠠ ᠳᠤ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠲᠠ ᠥᠭᠬᠦ ᠶᠢᠨ ᠬᠠᠮᠲᠤ ᠪᠠᠰᠠ ᠭᠠᠴᠠᠭᠠᠨ ᠤ ᠠᠷᠠᠳ ᠲᠤ ᠦᠷᠭᠦᠯᠵᠢ ᠬᠡᠷᠡᠭᠯᠡᠬᠦ ᠡᠮ ᠤᠨ ᠵᠦᠢᠯ ᠢ ᠦᠨ᠎ᠡ ᠲᠥᠯᠥᠪᠦᠷᠢ ᠦᠭᠡᠢ ᠪᠠᠷ ᠲᠦᠭᠡᠭᠡᠨ ᠥᠭᠴᠦ᠂ ᠵᠠᠷᠢᠮ ᠨᠠᠰᠤᠲᠠᠶᠢᠴᠤᠳ ᠤᠨ ᠦᠷᠭᠦᠯᠵᠢ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠡᠮ ᠬᠡᠷᠡᠭᠯᠡᠬᠦ ᠮᠡᠳᠡᠯᠭᠡ᠂ ᠰᠡᠳᠬᠢᠴᠡ ᠶᠢᠨ ᠡᠷᠡᠭᠦᠯᠵᠢᠯ ᠤᠨ ᠮᠡᠳᠡᠯᠭᠡ ᠶᠢ ᠤᠯᠠᠮᠵᠢᠯᠠᠨ ᠲᠦᠭᠡᠮᠡᠯᠵᠢᠭᠦᠯᠵᠡᠶ᠃ ᠯᠢᠶᠠᠩ ᠴᠧᠩ ᠰᠢᠶᠠᠨ ᠤ ᠡᠮᠨᠡᠯᠭᠡ ᠶᠢᠨ ᠬᠤᠷᠢᠶᠠᠨ ᠤ ᠨᠠᠮ ᠤᠨ ᠠᠯᠪᠠᠨ ᠬᠡᠷ ᠤᠨ ᠠᠯᠪᠠᠨ ᠬᠡᠷ ᠤᠨ ᠯᠢᠦ ᠱᠤ ᠹᠠᠩ᠄ ︽ᠲᠣᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠤᠨ ᠪᠣᠳᠠᠲᠠᠶ ᠬᠦᠴᠢᠷᠳᠡᠯ ᠢ  ᠰᠢᠢᠳᠪᠤᠷᠢᠯᠡᠨ ᠥᠭᠴᠦ᠂ ᠲᠣᠰᠬᠤᠨ ᠤ ᠠᠷᠠᠳ ᠤᠨ ᠬᠡᠷ ᠤᠨ ᠡᠭᠦᠳᠡᠨ ᠳᠤ ᠰᠢᠯᠢᠳᠡᠭ ᠲᠥᠬᠦᠮ ᠡᠮᠴᠢᠯᠡᠭᠡᠨ ᠤ ᠤᠶᠢᠯᠡᠴᠢᠯᠡᠭᠡ ᠬᠦᠷᠲᠡᠭᠡᠭᠰᠡᠨ ᠪᠠᠶᠢᠨ᠎ᠠ︾ ᠭᠡᠵᠡᠶ᠃
     ᠯᠢᠶᠠᠩᠴᠧᠩ ᠰᠢᠶᠠᠨ ᠤ ᠬᠢᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠪᠠᠷ ᠬᠦᠴᠦᠲᠡᠶ ᠭᠠᠷᠳᠠᠴᠠ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠢ ᠠᠷᠠᠳ ᠤᠯᠠᠨ ᠤ ᠭᠡᠷ ᠤᠨ ᠡᠭᠦᠳᠡᠨ ᠳᠤ ᠬᠦᠷᠭᠡᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ᠂ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠪᠠᠷ ᠢᠶᠠᠨ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ᠂ ᠤᠯᠠᠨ ᠲᠦᠮᠡᠨ ᠢ ᠲᠣᠰᠬᠤᠨ ᠠᠴᠠ ᠪᠠᠨ ᠭᠠᠷᠬᠤ ᠦᠭᠡᠢ ᠪᠣᠯ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃                                ᠨᠠᠶᠢᠷᠠᠭᠤᠯᠤᠭᠴᠢ᠄    ᠶᠠᠩ  ᠿᠦᠢ ᠵᠧᠨ                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2