ᠬᠤᠩ ᠮᠤᠤ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/27
 4 ᠰᠠᠷ᠎ᠠ ᠶᠢᠨ 25 ᠤ ᠡᠳᠦᠷ᠂ ᠯᠢᠶᠠᠩᠴᠧᠩ ᠰᠢᠶᠠᠨ ᠤ ᠬᠤᠩ ᠮᠤᠤ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠠᠵᠤ ᠦᠢᠯᠡᠰ ᠤᠨ ᠵᠢᠭᠠᠨ ᠵᠢᠯᠤᠭᠤᠳᠤᠭᠴᠢ ᠵᠢᠴᠢ ᠲᠠᠷᠢᠮᠠᠯ ᠤᠨ ᠲᠤᠮᠤ ᠡᠷᠦᠬᠡ ᠲᠤᠬᠠᠢ ᠶᠢᠨ ᠲᠠᠯᠠᠪᠠᠢ ᠳᠤ ᠪᠣᠯᠪᠠᠰᠤᠷᠠᠯ ᠳᠤ ᠣᠷᠣᠯᠴᠠᠵᠤ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠵᠢᠴᠢ ᠪᠤᠰᠤᠳ ᠲᠠᠷᠢᠮᠠᠯ ᠤᠨ ᠡᠷᠦᠬᠡ ᠰᠢᠭᠤᠳ ᠨᠡᠪᠲᠡᠷᠡᠭᠦᠯᠬᠦ ᠬᠡᠯᠪᠡᠷᠢ ᠪᠠᠷ ᠪᠣᠯᠪᠠᠰᠤᠷᠠᠯ ᠰᠤᠷᠤᠯᠴᠠᠯᠭ᠎ᠠ ᠳᠤ ᠣᠷᠣᠯᠴᠠᠪᠠ᠃
         ᠲᠣᠰ ᠬᠤᠭᠤᠴᠠᠭᠠᠨ ᠤ ᠪᠣᠯᠪᠠᠰᠤᠷᠠᠭᠤᠯᠤᠯ ᠤᠨ ᠬᠢᠴᠢᠶᠡᠯ ᠤᠨ ᠠᠭᠤᠯᠭ᠎ᠠ ᠨᠢ ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ ᠨᠡᠶᠢᠯᠡᠮᠡᠯ ᠳᠠᠷᠢᠬᠤ ᠮᠡᠷᠭᠡᠵᠢᠯ ᠵᠢᠴᠢ ᠲᠠᠷᠢᠮᠠᠯ ᠤᠨ ᠤᠶᠢᠯᠡᠰ ᠤᠨ ᠤᠰᠤᠨ ᠤ ᠡᠬᠢ ᠪᠠᠶᠠᠯᠢᠭ ᠢ ᠥᠨᠳᠥᠷ ᠦᠷ᠎ᠡ ᠠᠰᠢᠭᠲᠠᠶ ᠪᠠᠷ ᠠᠰᠢᠭᠯᠠᠨ᠎ᠠ᠃ ᠬᠤᠷᠠᠯ ᠠᠴᠠ ᠤᠯᠠᠭᠠᠨᠴᠠᠪ ᠬᠤᠳᠠ ᠶᠢᠨ ᠲᠠᠷᠢᠶᠠᠯᠠᠩ ᠤᠨ ᠮᠠᠰᠢᠨ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠤᠳᠤᠯᠤᠭᠴᠢ ᠰᠢᠩ ᠵᠢᠶᠧ ᠪᠠᠭᠰᠢ ᠪᠣᠯᠤᠨ ᠤᠯᠠᠭᠠᠨᠴᠠᠪ ᠬᠤᠳᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ ᡁᠢ ᠰᠢᠶᠤᠤ ᠴᠢᠩ ᠢ ᠤᠷᠢᠵᠤ ᠬᠢᠴᠢᠶᠡᠯ ᠣᠷᠣᠵᠠᠢ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠣᠯ ᠰᠢᠨ᠎ᠡ ᠴᠠᠭ ᠦᠶ᠎ᠡ ᠶᠢᠨ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠠᠵᠢᠯ ᠤᠨ ᠶᠡᠷᠦᠩᠬᠡᠢ ᠭᠠᠷᠳᠠᠴᠠ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠡᠷᠦᠩᠬᠡᠢ ᠰᠡᠳᠬᠢᠴᠡ︾ ᠵᠡᠷᠭᠡ ᠲᠠᠯ᠎ᠠ ᠠᠴᠠ ᠤᠯᠠᠨ ᠳᠤ ᠨᠠᠷᠢᠨ ᠲᠠᠶᠢᠯᠪᠤᠷᠢᠯᠠᠯᠲᠠ ᠬᠢᠵᠡᠢ᠃ ᠤᠯᠠᠨ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠤᠯᠵᠤ᠂ ᠳᠠᠷᠠᠭᠠᠴᠢ ᠶᠢᠨ ᠠᠯᠬᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ᠂ ᠰᠡᠳᠬᠢᠴᠡ ᠶᠢ ᠨᠢ ᠲᠣᠳᠣᠷᠬᠠᠢ ᠪᠣᠯᠭᠠᠭᠰᠠᠨ ᠪᠠᠶᠢᠨ᠎ᠠ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠨᠠᠩ ᠣᠯᠠᠨ ᠲᠠᠷᠢᠮᠠᠯ ᠤᠨ ᠡᠷᠦᠬᠡ ᠳᠤ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠥᠬᠡᠶ᠂ ᠨᠡᠭᠡᠭᠡᠯᠲᠡᠲᠡᠶ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠰᠤᠷᠤᠯᠴᠠᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠡᠳᠡᠯᠭᠡ ᠰᠢᠨ᠎ᠡ ᠠᠷᠭ᠎ᠠ ᠶᠢ ᠴᠠᠭ ᠲᠤᠬᠠᠶ ᠳᠤᠨᠢ ᠤᠶᠢᠯᠠᠭᠠᠨ᠂ ᠲᠠᠷᠢᠮᠠᠯ ᠤᠨ ᠵᠠᠩᠭᠢᠯᠠᠭ᠎ᠠ ᠶᠢᠨ ᠮᠡᠷᠭᠡᠵᠢᠯ ᠢ ᠡᠵᠡᠮᠰᠢᠭᠦᠯᠵᠦ᠂ ᠲᠠᠷᠢᠮᠠᠯ ᠤᠨ ᠡᠷᠦᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ ᠠᠵᠤ ᠤᠶᠢᠯᠡᠰ ᠤᠨ ᠬᠥᠭᠵᠢᠯᠲᠡ ᠪᠠᠨ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠪᠠ᠃                                        ᠨᠠᠶᠢᠷᠠᠭᠤᠯᠤᠭᠴᠢ᠄   ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2