ᠰᠢᠶᠠᠨ ᠤ ᠡᠮᠨᠡᠯᠭᠡ ᠶᠢᠨ ᠬᠤᠷᠢᠶ᠎ᠠ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠲᠠᠢ ᠬᠠᠮᠲᠤᠷᠠᠨ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠳᠤ ᠬᠦᠷᠴᠦ ᠠᠯᠪᠠᠨ ᠵᠢᠷᠤᠮ ᠤᠨ ᠡᠮᠴᠢᠯᠡᠭᠡ᠂ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/12
   5 ᠰᠠᠷ᠎ᠠ ᠶᠢᠨ 11 ᠤ ᠡᠳᠦᠷ᠂ ᠰᠢᠶᠠᠨ ᠤ ᠡᠮᠨᠡᠯᠭᠡ ᠶᠢᠨ ᠬᠤᠷᠢᠶ᠎ᠠ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠤᠨ ᠤᠯᠠᠭᠠᠨᠴᠠᠪ ᠬᠤᠲᠠ ᠶᠢᠨ ᠺᠧ ᠰᠢᠩ ᠪᠠᠷᠢᠯᠭ᠎ᠠ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠳᠤ ᠬᠦᠷᠴᠦ ︽ᠡᠮᠨᠡᠯᠭᠡ᠂ ᠡᠮ᠂ ᠡᠷᠡᠭᠦᠯ ᠮᠡᠨᠳᠦ︾ ᠬᠥᠳᠡᠭᠡ ᠪᠠᠭᠤᠵᠤ ᠠᠯᠪᠠᠨ ᠵᠢᠷᠤᠮ ᠤᠨ ᠡᠮᠴᠢᠯᠡᠭᠡ ᠬᠢᠬᠦ ᠪᠠ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂ ᠲᠤᠰ ᠠᠵᠢᠯᠯᠠᠭ᠎ᠠ ᠶᠢ ᠰᠢᠶᠠᠨ ᠤ ᠡᠮᠨᠡᠯᠭᠡ ᠶᠢᠨ ᠬᠤᠷᠢᠶᠠᠨ ᠤ ᠳᠠᠷᠤᠭ᠎ᠠ ᠳᠠᠭᠠᠭᠤᠯᠵᠤ᠂ ᠡᠮᠨᠡᠯᠭᠡ ᠶᠢᠨ ᠬᠤᠷᠢᠶᠠᠨ ᠤ ᠳᠣᠲᠣᠷ ᠭᠠᠳᠠᠷ ᠰᠠᠯᠠᠭ᠎ᠠ᠂ ᠡᠷᠡᠭᠦᠯ ᠮᠡᠨᠳᠦ ᠶᠢᠨ ᠰᠠᠯᠠᠭᠠᠨ ᠤ ᠡᠮᠴᠢ ᠰᠤᠪᠢᠯᠠᠭᠴᠢᠳ ᠢ ᠳᠠᠭᠠᠭᠤᠯᠤᠨ ᠵᠢᠷᠦᠬᠡᠨ ᠴᠠᠬᠢᠯᠭᠠᠨ ᠤ ᠬᠢᠨᠠᠨ ᠬᠡᠮᠵᠢᠬᠦ ᠪᠠᠭᠠᠵᠢ᠂ ᠠᠪᠴᠤ ᠶᠠᠪᠤᠬᠤ ᠳᠤ ᠳᠥᠭᠦᠮ ᠥᠩᠭᠡᠲᠦ ᠬᠡᠳᠦ ᠳᠣᠯᠭᠢᠶᠠᠨ ᠵᠡᠷᠭᠡ ᠡᠮᠴᠢᠯᠡᠭᠡᠨ ᠤ ᠲᠥᠬᠦᠭᠡᠷᠦᠮᠵᠢ ᠶᠢ ᠠᠪᠴᠤ ᠶᠠᠪᠤᠵᠤ᠂ ᠲᠣᠰᠬᠤᠨ ᠤ ᠠᠷᠠᠳ ᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠪᠣᠳᠠᠲᠠᠶ ᠠᠵᠢᠯᠯᠠᠭ᠎ᠠ ᠪᠠᠷ ᠢᠶᠠᠨ ᠰᠤᠪᠢᠯᠠᠭᠴᠢ ᠶᠢᠨ ᠪᠠᠶᠠᠷ ᠢ ᠤᠭᠲᠤᠨ᠎ᠠ᠃  
        ᠰᠢᠶᠠᠨ ᠤ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠰᠠᠯᠠᠭᠠᠨ ᠤ ᠡᠷᠬᠢᠯᠡᠭᠴᠢ ᠯᠢ ᠱᠧᠩ ᠯᠢ ᠶᠢᠨ ᠲᠠᠨᠢᠯᠴᠠᠭᠤᠯᠤᠭᠰᠠᠨ ᠢᠶᠠᠷ᠄ ᠲᠣᠰ ᠤᠳᠠᠭᠠᠨ ᠤ ᠠᠵᠢᠯᠯᠠᠭ᠎ᠠ ᠳᠤ ᠮᠠᠨ ᠤ ᠡᠮᠨᠡᠯᠭᠡ ᠶᠢᠨ ᠬᠤᠷᠢᠶ᠎ᠠ ᠨᠡᠶᠢᠲᠡ 18 ᠡᠮᠴᠢ ᠰᠤᠪᠢᠯᠠᠭᠴᠢ ᠶᠢ ᠲᠣᠮᠢᠯᠠᠵᠤ᠂ ᠭᠤᠤᠯ ᠠᠵᠢᠯᠯᠠᠭ᠎ᠠ ᠶᠢᠨ ᠠᠭᠤᠯᠭ᠎ᠠ ᠨᠢ ᠲᠤᠰᠬᠠᠶ ᠮᠡᠷᠭᠡᠵᠢᠯᠲᠡᠨ ᠤ ᠠᠯᠪᠠᠨ ᠵᠢᠷᠤᠮ ᠤᠨ ᠡᠮᠴᠢᠯᠡᠭᠡ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠂ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠵᠢᠷᠦᠬᠡᠨ ᠤ ᠯᠤᠭᠰᠢᠯᠲᠠ ᠶᠢᠨ ᠵᠢᠷᠤᠭ᠂ ᠪᠤᠳᠤᠭᠲᠤ ᠬᠡᠲᠦ ᠳᠣᠯᠭᠢᠶᠠᠨ ᠤ ᠪᠠᠶᠢᠴᠠᠭᠠᠯᠲᠠ ᠵᠡᠷᠭᠡ ᠶᠢ ᠰᠦᠳᠭᠡᠯ ᠬᠤᠷᠢᠶᠠᠬᠤ ᠥᠬᠡᠶ ᠪᠠᠷ ᠪᠠᠶᠢᠴᠠᠭᠠᠬᠤ ᠶᠢᠨ ᠬᠠᠮᠲᠤ ᠵᠠᠷᠢᠮ ᠪᠠᠶᠢᠩᠭᠤ ᠬᠡᠷᠡᠭᠯᠡᠬᠦ ᠡᠮ ᠤᠨ  ᠵᠤᠶᠢᠯ ᠢ ᠰᠦᠳᠭᠡᠯ ᠬᠤᠷᠢᠶᠠᠬᠤ ᠥᠬᠡᠶ ᠪᠠᠷ ᠲᠠᠷᠬᠠᠭᠠᠨ᠎ᠠ᠃  
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠡᠶ᠎ᠡ ᠶᠢᠨ ᠪᠠᠶᠢᠴᠠᠭᠠᠯᠲᠠ ᠪᠠ ᠡᠷᠡᠭᠦᠯ ᠮᠡᠨᠳᠦ ᠶᠢᠨ ᠲᠤᠬᠠᠢ ᠠᠰᠠᠭᠤᠨ ᠯᠠᠪᠯᠠᠬᠤ ᠪᠠᠷ ᠢᠷᠡᠭᠰᠡᠨ ᠲᠣᠰᠬᠤᠨ ᠤ ᠠᠷᠠᠳ ᠲᠠᠰᠤᠷᠠᠯᠳᠡ ᠦᠭᠡᠢ ᠣᠯᠠᠰᠢᠷᠠᠵᠤ᠂ ᠡᠮᠨᠡᠯᠭᠡ ᠶᠢᠨ ᠠᠵᠢᠯᠲᠠᠳ ᠲᠣᠰᠬᠤᠨ ᠤ ᠠᠷᠠᠳ ᠤᠨ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠵᠢᠷᠦᠬᠡ ᠠᠭᠤᠰᠬᠢ ᠶᠢ ᠰᠣᠨᠣᠰᠬᠤ᠂ ᠵᠢᠷᠦᠬᠡᠨ ᠤ ᠯᠤᠭᠰᠢᠯᠲᠠ ᠶᠢᠨ ᠵᠢᠷᠤᠭ ᠵᠡᠷᠭᠡ ᠶᠢ ᠨᠠᠷᠢᠨ ᠨᠢᠮᠪᠠᠢ ᠬᠢᠵᠦ ᠥᠭᠴᠡᠢ᠃ ᠡᠮᠴᠢ ᠭᠠᠴᠠᠭᠠᠨ ᠤ ᠠᠷᠠᠳ ᠤᠨ ᠪᠡᠶ᠎ᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠡᠪᠡᠳᠴᠢᠨ ᠤ ᠪᠠᠶᠢᠳᠠᠯ ᠢ ᠬᠦᠯᠢᠴᠡᠩᠭᠦᠶ ᠪᠠᠷ ᠨᠠᠷᠢᠨ ᠨᠢᠮᠪᠠᠶ ᠵᠠᠳᠠᠯᠤᠨ ᠰᠢᠨᠵᠢᠯᠡᠬᠦ ᠶᠢᠨ ᠬᠠᠮᠲᠤ ᠭᠠᠴᠠᠭᠠᠨ ᠤ ᠠᠷᠠᠳ ᠤᠨ ᠳᠤᠷᠠᠳᠤᠭᠰᠠᠨ ᠤᠳᠠᠭᠠᠨ ᠴᠢᠨᠠᠷᠲᠠᠶ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠣᠨᠣᠰᠢᠯᠠᠨ ᠵᠠᠰᠠᠬᠤ ᠵᠢᠴᠢ ᠬᠤᠶᠢᠰᠢᠳᠠ ᠶᠢᠨ ᠰᠤᠪᠢᠯᠠᠯᠲᠠ ᠵᠡᠷᠭᠡ ᠶᠢᠨ ᠲᠤᠬᠠᠶ ᠠᠰᠠᠭᠤᠯᠲᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃
   ᠡᠮᠨᠡᠯᠭᠡ ᠳᠤ ᠡᠮᠨᠡᠭᠦᠯᠦᠭᠰᠡᠨ ᠲᠣᠰᠬᠤᠨ ᠤ ᠠᠷᠠᠳ ᠯᠢ ᠰᠢ ᠠᠨ᠄ ᠪᠢ ᠤᠯᠠᠨ ᠵᠢᠯ ᠤᠨ ᠲᠤᠷᠰᠢ ᠨᠢᠷᠤᠭᠤ ᠡᠪᠡᠳᠬᠦ ᠡᠶᠢᠮᠦ ᠭᠡᠮ ᠲᠠᠢ ᠪᠠᠶᠢᠭᠰᠠᠨ᠂ ᠭᠡᠲᠡᠯ᠎ᠡ ᠭᠡᠷ ᠲᠤ ᠶᠠᠭᠠᠷᠠᠤ ᠪᠣᠯᠬᠤᠷ ᠬᠠᠷᠠᠵᠤ ᠠᠮᠵᠢᠬᠤ ᠦᠭᠡᠢ ᠪᠠᠶᠢᠨ᠎ᠠ᠂ ᠥᠨᠥᠳᠦᠷ ᠯᠢᠶᠠᠩᠴᠧᠩ ᠰᠢᠶᠠᠨ ᠤ ᠡᠮᠨᠡᠯᠭᠡ ᠶᠢᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠪᠠᠭᠤᠵᠤ ᠢᠷᠡᠭᠡᠳ ᠪᠢᠳᠡᠨ ᠳᠤ ᠡᠪᠡᠳᠴᠢᠨ ᠦᠵᠡᠭᠦᠯᠵᠦ ᠡᠮ ᠬᠦᠷᠭᠡᠵᠦ ᠥᠭᠭᠦᠭᠰᠡᠨ ᠳᠤ ᠪᠢᠳᠡ ᠲᠦᠢᠯ ᠢᠶᠠᠷ ᠲᠠᠯᠠᠷᠬᠠᠵᠤ ᠪᠠᠶᠢᠨ᠎ᠠ ᠭᠡᠵᠦ ᠪᠠᠶᠠᠷᠲᠠᠶ ᠪᠠᠷ ᠬᠡᠯᠡᠵᠡᠶ᠃ ᠡᠨᠡ ᠡᠳᠦᠷ ᠯᠢᠶᠠᠩᠴᠧᠩ ᠰᠢᠶᠠᠨ ᠤ ᠰᠢᠶᠠᠨ ᠤ ᠡᠮᠨᠡᠯᠭᠡ ᠶᠢᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠪᠢᠳᠡᠨ ᠳᠤ ᠡᠪᠡᠳᠴᠢᠨ ᠦᠵᠡᠭᠦᠯᠵᠦ ᠡᠮ ᠬᠦᠷᠭᠡᠵᠦ ᠥᠭᠭᠦᠭᠰᠡᠨ ᠳᠤ ᠪᠢᠳᠡ ᠲᠦᠢᠯ ᠢᠶᠠᠷ ᠲᠠᠯᠠᠷᠬᠠᠵᠤ ᠪᠠᠶᠢᠨ᠎ᠠ᠃    ᠠᠵᠢᠯᠯᠠᠭ᠎ᠠ ᠶᠢᠨ ᠳᠤᠮᠳᠠ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠴᠠᠩ ᠬᠠᠨ ᠶᠢᠩ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠵᠢᠴᠢ ᠡᠷᠬᠢᠨ ᠲᠣᠭᠤᠷᠢᠨ ᠤ ᠤᠯᠠᠨ ᠲᠦᠮᠡᠨ ᠳᠤ 300 ᠭᠠᠷᠤᠢ ᠤᠭᠤᠲᠠ ᠪᠤᠳᠠᠭᠠᠨ ᠭᠤᠯᠢᠷ ᠵᠡᠷᠭᠡ ᠲᠣᠬᠤᠨᠢᠭᠤᠯᠬᠤ ᠡᠳ᠋ ᠪᠣᠳᠠᠰ ᠲᠦᠭᠡᠭᠡᠪᠡ᠃                                                 ᠨᠠᠶᠢᠷᠠᠭᠤᠯᠤᠭᠴᠢ᠄   ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2