ᠰᠢᠶᠠᠨ ᠤ ᠵᠠᠰᠠᠭ ᠤᠨ ᠣᠷᠳᠣᠨ ᠤ 2022 ᠣᠨ ᠤ 11 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/12
   5 ᠰᠠᠷ᠎ᠠ ᠶᠢᠨ 11 ᠤ ᠡᠳᠦᠷ᠂ ᠰᠢᠶᠠᠨ ᠤ ᠵᠠᠰᠠᠭ ᠤᠨ ᠣᠷᠳᠣᠨ 2022 ᠣᠨ ᠤ 11 ᠳ᠋ᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ‍ᠤᠤᠢ ᠵᠢᠶᠠᠨ ᠹᠧᠩ ᠬᠤᠷᠠᠯ ᠡᠷᠭᠢᠯᠡᠵᠦ᠂ ᠰᠢᠶᠠᠨ ᠤ ᠳᠡᠳ᠋ ᠳᠠᠷᠤᠭ᠎ᠠ  ᠹᠧᠩ ᠵᠢᠶᠦ᠋ᠨ᠂ ᠶᠠᠩ ᠬᠤᠩ᠂ ᠵᠠᠶ ᠵᠢᠶ ᠴᠢᠩ ᠬᠤᠷᠠᠯ ᠳᠤ ᠣᠷᠣᠯᠴᠠᠵᠠᠶ᠃
       ᠬᠤᠷᠠᠯ ᠠᠴᠠ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠵᠢᠴᠢ  ᠰᠦ ᠶᠢᠨ ᠦᠢᠯᠡᠰ ᠢ ᠬᠥᠭᠵᠢᠭᠦᠯᠬᠦ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠠᠵᠢᠯ ᠢ ᠰᠤᠳᠤᠯᠪᠠ᠂ ᠬᠤᠷᠠᠯ ᠠᠴᠠ ᠵᠠᠷᠴᠢᠮ ᠳᠡᠭᠡᠷ᠎ᠡ ᠪᠠᠨ ᠲᠤᠰ ᠲᠦᠷᠦᠯ ᠵᠦᠢᠯ ᠤᠨ ᠲᠥᠯᠥᠪᠵᠢᠭᠦᠯᠭᠡ ᠶᠢ ᠪᠠᠲᠤᠯᠠᠪᠠ᠃  
      ᠬᠤᠷᠠᠯ ᠠᠴᠠ ᠵᠢᠭᠠᠵᠤ ᠭᠠᠷᠭᠠᠭᠰᠠᠨ ᠨᠢ᠂ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ᠪᠣᠯ ᠯᠢᠶᠠᠩᠴᠧᠩ ᠰᠢᠶᠠᠨ ᠤ ᠰᠠᠭᠠᠯᠢ ᠶᠢᠨ ᠦᠢᠯᠡᠰ ᠢ ᠬᠥᠭᠵᠢᠭᠦᠯᠬᠦ ᠰᠢᠪᠲᠤᠯᠤᠯᠲᠠ ᠶᠢᠨ ᠴᠢᠨᠠᠷᠲᠠᠶ ᠠᠵᠤ ᠦᠢᠯᠡᠰ ᠪᠣᠯᠤᠨ᠎ᠠ᠃ ᠲᠣᠭᠤᠷᠢᠭ᠂ ᠬᠤᠲᠠ᠂ ᠰᠢᠶᠠᠨ ᠭᠤᠷᠪᠠᠨ ᠱᠠᠲᠤᠨ ᠤ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠠᠨᠢᠯᠲᠠ ᠪᠠᠨ ᠳᠡᠭᠡᠭᠰᠢᠯᠡᠭᠦᠯᠦᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠠᠭ ᠨᠡᠮᠡᠵᠦ ᠠᠵᠢᠯᠯᠠᠨ᠂ ᠲᠥᠷᠥᠯ  ᠵᠤᠶᠢᠯ ᠤᠨ ᠲᠥᠷᠥᠯ  ᠵᠤᠶᠢᠯ ᠲᠣᠭᠲᠠᠭᠠᠬᠤ᠂ ᠰᠤᠳᠤᠯᠵᠤ ᠪᠣᠯᠬᠤ᠂ ᠲᠥᠯᠥᠪᠵᠢᠭᠦᠯᠭᠡ ᠬᠢᠬᠦ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠬᠢᠬᠦ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠳᠬᠡᠨ ᠰᠠᠶᠢᠲᠤᠷ ᠬᠢᠵᠦ᠂ ᠲᠤᠰᠬᠠᠶ  ᠵᠤᠶᠢᠯ ᠤᠨ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ ᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ  ᠭᠡᠵᠠᠢ᠃    ᠬᠤᠷᠠᠯ ᠠᠴᠠ᠂  ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠬᠦ ᠪᠠ ᠰᠢᠩᠭᠡᠭᠡᠨ ᠠᠪᠴᠤ᠂ ᠲᠥᠯᠥᠪᠵᠢᠭᠦᠯᠭᠡ ᠶᠢᠨ ᠲᠥᠰᠦᠯ ᠢ ᠤᠯᠠᠮ ᠴᠢᠨᠠᠭᠰᠢᠳᠠ ᠨᠠᠷᠢᠨ ᠪᠣᠳᠠᠲᠠᠢ ᠬᠢᠬᠦ ᠬᠡᠷᠡᠭᠲᠡᠢ᠃ ᠪᠥᠬᠦ ᠲᠠᠯ᠎ᠠ ᠳᠤ ᠰᠠᠭᠤᠷᠢᠯᠠᠨ᠂ ᠨᠢᠭᠡᠳᠦᠯᠲᠡᠶ ᠲᠥᠯᠥᠪᠵᠢᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠣᠷᠣᠨ ᠪᠠᠶᠢᠷᠢ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠲᠠᠯ᠎ᠠ ᠶᠢᠨ ᠬᠦᠴᠦᠨ  ᠵᠤᠶᠢᠯ ᠢ ᠶᠡᠷᠦᠩᠬᠡᠶᠢᠯᠡᠨ ᠪᠣᠳᠣᠯᠬᠢᠯᠠᠵᠤ᠂ ᠲᠥᠷᠥᠯ  ᠵᠤᠶᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ᠂ ᠵᠦᠶ ᠵᠣᠬᠢᠰᠲᠠᠶ ᠪᠠᠷ ᠲᠦᠷᠭᠡᠳᠬᠡᠨ ᠠᠬᠢᠭᠤᠯᠵᠤ᠂ ᠲᠥᠷᠥᠯ  ᠵᠤᠶᠢᠯ ᠤᠨ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ   ᠭᠡᠪᠡ᠃                                                ᠨᠠᠶᠢᠷᠠᠭᠤᠯᠤᠭᠴᠢ᠄   ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2