ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ  ᠲᠦᠷᠪᠡᠳᠡᠬᠢ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/12
     5 ᠰᠠᠷ᠎ᠠ ᠶᠢᠨ 10 ᠤ ᠡᠳᠦᠷ᠂ ᠮᠠᠨ ᠤ ᠰᠢᠶᠠᠨ ᠰᠢᠶᠠᠨ ᠤ ᠨᠠᠮ ᠤᠨ  ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠳᠥᠷᠪᠡᠳᠦᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ︽ᠯᠢᠶᠠᠩᠴᠧᠩ ᠰᠢᠶᠠᠨ ᠤ ᠬᠠᠤᠯᠢ ᠪᠠᠷ ᠰᠢᠶᠠᠨ ᠢ ᠵᠠᠰᠠᠬᠤ ᠨᠠᠮ ᠤᠨ ᠬᠤᠷᠢᠶ᠎ᠠ ᠶᠢᠨ 2022 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃  
     ᠯᠢᠦ ᠶᠢᠨ ᠲᠤᠤ ᠴᠢᠬᠤᠯᠠᠴᠢᠯᠠᠭᠰᠠᠨ ᠨᠢ    ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠬᠠᠤᠯᠢ ᠶᠣᠰᠣᠭᠠᠷ ᠰᠢᠶᠠᠨ ᠢ ᠵᠠᠰᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠶᠢ ᠭᠦᠨᠵᠡᠭᠡᠶᠢᠷᠡᠭᠦᠯᠬᠦ ᠶᠢᠨ ᠲᠦᠢᠯ ᠤᠨ ᠴᠢᠬᠤᠯᠠ ᠴᠢᠨᠠᠷ ᠢ ᠣᠨᠣᠪᠴᠢᠲᠠᠢ ᠡᠵᠡᠮᠳᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠷᠳᠤ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ᠂ ᠪᠦᠬᠦ ᠶᠠᠪᠤᠴᠠ ᠳᠤ ᠲᠤᠤᠱᠯᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠪᠠᠲᠤ ᠪᠠᠬᠢ ᠬᠠᠤᠯᠢᠵᠢᠯ ᠤᠨ ᠪᠠᠲᠤᠯᠠᠭ᠎ᠠ᠂ ᠨᠡᠩ ᠲᠥᠪ ᠭᠤᠣᠯᠴᠢ ᠬᠠᠤᠯᠢᠵᠢᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠰᠢᠢᠳᠪᠤᠷᠢᠳᠤ ᠪᠤᠳᠤᠯᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠦᠯᠦ ᠪᠣᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ ᠶᠢᠨ ᠵᠢᠷᠤᠮᠵᠢᠯᠲᠠ ᠂ ᠬᠠᠤᠯᠢᠵᠢᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠲᠦᠷᠭᠡᠳᠬᠡᠵᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠡᠷᠭᠡ ᠪᠠᠷ ᠠᠬᠢᠭᠤᠯᠬᠤ ᠶᠢ ᠲᠦᠯᠬᠢᠨ ᠠᠬᠢᠭᠤᠯᠤᠨ᠎ᠠ   ᠭᠡᠵᠠᠢ᠃    ᠯᠢᠦ ᠶᠢᠨ ᠲᠤᠤ  ᠱᠠᠭᠠᠷᠳᠠᠭᠰᠠᠨ ᠨᠢ    ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ᠂ ᠬᠠᠤᠯᠢ ᠶᠢ ᠵᠥᠷᠢᠴᠡᠭᠰᠡᠨ ᠵᠠᠬᠢᠳᠠᠯ ᠰᠤᠷᠪᠤᠯᠵᠢᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠤᠪᠤᠶᠢᠮ᠎ᠠ ᠠᠰᠠᠭᠤᠳᠠᠯ ᠪᠠ ᠰᠠᠮᠠᠭᠤᠨ ᠦᠵᠡᠭᠳᠡᠯ ᠢ ᠴᠡᠭᠴᠡᠯᠡᠨ ᠵᠠᠰᠠᠵᠤ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠶᠡᠭᠡ ᠪᠠᠷ ᠲᠦᠯᠬᠢᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠬᠢᠨᠠᠯᠲᠠ ᠲᠠᠯᠪᠢᠬᠤ ᠤᠬᠠᠮᠰᠠᠷᠲᠤ ᠴᠢᠨᠠᠷ ᠢᠶᠠᠨ ᠴᠢᠩᠭᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠰᠠᠶᠢᠲᠤᠷ  ᠰᠢᠢᠳᠪᠤᠷᠢᠯᠡᠬᠦ ᠬᠡᠷᠡᠭᠲᠡᠶ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠠᠷᠠᠳ ᠤᠯᠠᠨ ᠤ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠰᠠᠶᠢᠲᠤᠷ ᠠᠳᠬᠤᠵᠤ᠂ ᠪᠦᠬᠦ ᠬᠦᠴᠦᠨ ᠢᠶᠠᠷ ᠢᠶᠠᠨ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠥᠭᠵᠢᠯᠲᠡ ᠶᠢ ᠳᠡᠮᠵᠢᠬᠦ ᠪᠠᠷ ᠴᠢᠷᠮᠠᠶᠢᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠡᠷᠡᠰ ᠬᠠᠮᠠᠭᠠᠯᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ   ᠭᠡᠪᠡ᠃                                               ᠨᠠᠶᠢᠷᠠᠭᠤᠯᠤᠭᠴᠢ᠄   ᠯᠢ ᠬᠤᠩ ᠢᠦᠢ                                                                       ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2