ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 6 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/12
5 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 6 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠢ ᠤᠯᠠᠮᠵᠢᠯᠠᠨ ᠰᠤᠷᠤᠯᠴᠠᠵᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ ᠥᠪᠡᠷ ᠢᠶᠠᠨ ᠭᠡᠷ ᠪᠠᠶᠢᠰᠢᠩ ᠪᠠᠷᠢᠵᠤ ᠨᠤᠷᠠᠭᠰᠠᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠶᠡᠷᠦᠩᠬᠡᠶ ᠰᠠᠶᠢᠳ ᠯᠢ ᠺᠧ ᠴᠢᠶᠠᠩ ᠤᠨ ᠬᠢᠭᠰᠡᠨ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ᠂ ᠬᠤᠷᠠᠯ ᠵᠡᠷᠭᠡ ᠶᠢᠨ ᠵᠣᠷᠢᠭ ᠰᠠᠨᠠᠭ᠎ᠠ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃  
     ᠯᠢᠦ ᠶᠢᠨ ᠲᠤᠤ ᠴᠢᠬᠤᠯᠠᠴᠢᠯᠠᠭᠰᠠᠨ ᠨᠢ    ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠰᠢᠷᠢᠰ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠣᠳᠣᠷᠬᠠᠢ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠥᠨᠳᠥᠷ ᠦᠷ᠎ᠡ ᠠᠰᠢᠭ ᠲᠠᠢ︾ ᠪᠠᠶᠢᠬᠤ ᠲᠠᠯ᠎ᠠ ᠪᠠᠷ ᠠᠷᠭ᠎ᠠ ᠰᠦᠪᠡᠭᠴᠢᠯᠡᠵᠦ᠂ ︽ᠨᠢᠭᠡᠳᠦᠯᠲᠡᠢ ᠲᠥᠯᠥᠪᠵᠢᠭᠦᠯᠬᠦ︾ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠴᠠᠭ ᠢᠮᠠᠭᠲᠠ ᠰᠡᠷᠭᠡᠭ ᠪᠠᠶᠢᠵᠤ ᠂ ᠬᠢᠵᠢᠭ ᠢ ᠡᠰᠡᠷᠭᠦᠴᠡᠬᠦ ᠲᠡᠮᠡᠴᠡᠯ ᠤᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭ᠎ᠠ ᠱᠤᠭᠤᠮ ᠢ ᠭᠤᠶᠢᠪᠢᠰᠢ ᠦᠭᠡᠢ ᠪᠠᠲᠤ ᠰᠠᠬᠢᠬᠤ ᠬᠡᠷᠡᠭᠲᠡᠢ᠃ ᠭᠠᠳᠠᠭᠠᠳᠤ ᠠᠴᠠ ᠣᠷᠣᠭᠤᠯᠬᠤ ᠶᠢ ᠴᠢᠩᠭ᠎ᠠ ᠰᠡᠷᠭᠡᠶᠢᠯᠡᠵᠦ᠂ ᠰᠤᠷᠭᠠᠭᠤᠯᠢ ᠶᠢᠨ ᠬᠦᠷᠢᠶᠡᠨ ᠤ ᠬᠠᠮᠲᠤᠯᠢᠭ ᠤᠨ ᠬᠠᠯᠳᠠᠪᠤᠷᠢᠯᠠᠯ ᠢ ᠴᠢᠩᠭ᠎ᠠ ᠰᠡᠷᠭᠡᠶᠢᠯᠡᠵᠦ᠂ ᠡᠮᠨᠡᠯᠭᠡ ᠶᠢᠨ ᠬᠤᠷᠢᠶᠠᠨ ᠤ ᠬᠠᠮᠲᠤᠯᠢᠭ ᠤᠨ ᠬᠠᠯᠳᠠᠪᠤᠷᠢᠯᠠᠯ ᠢ ᠴᠢᠩᠭ᠎ᠠ ᠰᠡᠷᠭᠡᠶᠢᠯᠡᠵᠦ᠂ ᠵᠠᠩᠭᠢᠯᠠᠭ᠎ᠠ ᠶᠢᠨ ᠲᠠᠯᠠᠪᠤᠷ ᠤᠨ ᠬᠠᠯᠳᠠᠪᠤᠷᠢᠯᠠᠯ ᠢ ᠴᠢᠩᠭ᠎ᠠ ᠰᠡᠷᠭᠡᠶᠢᠯᠡᠵᠦ᠂ ᠠᠵᠢᠯᠯᠠᠭ᠎ᠠ ᠨᠢ ᠲᠦᠷᠭᠡᠨ᠂ ᠬᠠᠮᠢᠶᠠᠷᠤᠯᠲᠠ ᠡᠵᠡᠮᠳᠡᠯ ᠨᠢ ᠴᠢᠩᠭ᠎ᠠ᠂ ᠠᠷᠭ᠎ᠠ ᠬᠡᠮᠵᠢᠶ᠎ᠡ ᠨᠢ ᠴᠢᠩᠭ᠎ᠠ᠂ ᠪᠡᠯᠡᠳᠬᠡᠯ ᠨᠢ ᠭᠦᠢᠴᠡᠳ᠂ ᠠᠭᠤᠷ ᠠᠮᠢᠰᠬᠤᠯ ᠨᠢ ᠥᠳᠬᠡᠨ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃
     ᠯᠢᠦ ᠶᠢᠨ ᠲᠤᠤ  ᠱᠠᠭᠠᠷᠳᠠᠭᠰᠠᠨ ᠨᠢ    ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠦᠬᠦ ᠰᠢᠶᠠᠨ ᠤ ᠬᠡᠪᠴᠢᠶᠡᠨ ᠳᠤ ᠨᠢᠭᠡ ᠤᠳᠠᠭᠠᠨ ᠤ ᠬᠡᠪᠢᠰ ᠮᠠᠶ᠋ᠢᠭ ᠤᠨ ᠪᠦᠬᠦ ᠲᠠᠯ᠎ᠠ ᠶᠢᠨ ᠪᠠᠶᠢᠴᠠᠭᠠᠨ ᠴᠡᠭᠴᠡᠯᠡᠯᠲᠡ ᠬᠢᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠥᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ ᠪᠥᠬᠦ ᠰᠢᠶᠠᠨ ᠤ ᠪᠣᠶ ᠪᠥᠬᠦᠶ ᠥᠪᠡᠷ ᠢᠶᠠᠨ ᠪᠠᠷᠢᠭᠰᠠᠨ ᠬᠡᠷ ᠪᠠᠶᠢᠰᠢᠩ ᠳᠤ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠯᠲᠠ ᠬᠢᠵᠦ᠂ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠳᠤ ᠠᠶᠤᠯ ᠲᠦᠭᠰᠢᠭᠦᠷᠢ ᠶᠢᠨ ᠳᠠᠯᠳᠠ ᠬᠡᠮ ᠤᠨ ᠡᠬᠡ ᠲᠠᠩᠰᠠ ᠪᠠᠶᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠳᠣᠷᠬᠠᠶ ᠬᠠᠭᠤᠳᠠᠰᠤ ᠶᠢᠨ ᠬᠡᠯᠪᠡᠷᠢ᠂ ᠵᠢᠷᠤᠭ ᠬᠦᠰᠦᠨᠦᠭᠲᠦ ᠶᠢᠨ ᠬᠡᠯᠪᠡᠷᠢ ᠪᠠᠷ ᠳᠥᠯᠭᠢᠨ ᠠᠬᠢᠭᠤᠯᠵᠤ᠂ ᠲᠦᠷᠢᠮ ᠠᠴᠠ ᠵᠥᠷᠢᠴᠡᠨ ᠪᠥᠲᠥᠭᠡᠨ ᠪᠠᠶᠢᠭᠤᠯᠬᠤ᠂ ᠲᠣᠭᠲᠠᠭᠠᠯ ᠠᠴᠠ ᠵᠥᠷᠢᠴᠡᠨ ᠡᠵᠡᠩᠨᠡᠬᠦ ᠵᠢᠴᠢ ᠬᠢᠨᠠᠯᠲᠠ ᠬᠠᠮᠢᠶᠠᠷᠤᠯᠲᠠ ᠣᠷᠣᠨ ᠪᠠᠶᠢᠷᠢ ᠪᠠᠨ ᠠᠯᠳᠠᠬᠤ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯ ᠢᠶᠠᠨ ᠠᠯᠳᠠᠬᠤ ᠵᠡᠷᠭᠡ  ᠤᠶᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠦᠯᠡᠳᠡᠭᠡᠯ ᠬᠡᠮᠵᠢᠶ᠎ᠡ ᠶᠢ ᠠᠯᠢ ᠲᠦᠷᠭᠡᠨ ᠢᠶᠠᠷ ᠪᠠᠶᠢᠴᠠᠭᠠᠨ ᠳᠣᠲᠣᠯᠠᠵᠤ᠂ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠥᠪᠡᠷ ᠢᠶᠠᠨ ᠪᠠᠷᠢᠭᠰᠠᠨ ᠭᠡᠷ ᠪᠠᠷᠢᠯᠭ᠎ᠠ ᠶᠢᠨ ᠠᠮᠤᠷ ᠲᠦᠪᠰᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ᠠᠶᠤᠯ ᠦᠭᠡᠶ ᠦᠢᠯᠡᠳᠪᠦᠷᠢᠯᠡᠯ ᠢ ᠴᠢᠩᠭᠠᠳᠬᠠᠬᠤ ︽ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ︾ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ ᠠᠳᠬᠤᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠭᠤᠷᠬᠠᠶ ᠶᠢᠨ ᠡᠯᠡᠰᠦᠨ ᠤ ᠲᠠᠯᠠᠪᠤᠷ᠂ ᠬᠤᠲᠠ ᠪᠠᠯᠭᠠᠰᠤᠨ ᠤ ᠰᠢᠲᠠᠮᠠᠬᠠᠶ ᠬᠡᠢ᠂ ᠠᠶᠤᠯ ᠲᠠᠢ ᠬᠢᠮᠢ ᠶᠢᠨ ᠪᠣᠳᠠᠰ᠂ ᠵᠠᠮ ᠲᠡᠭᠡᠭᠡᠪᠦᠷᠢ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ ᠶᠢ ᠦᠷᠭᠦᠯᠵᠢᠯᠡᠨ ᠴᠢᠩᠭ᠎ᠠ ᠠᠩᠬᠠᠷᠴᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠠᠵᠤ ᠠᠬᠤᠶ ᠨᠡᠶᠢᠭᠡᠮ ᠤᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃    ᠯᠢᠦ ᠶᠢᠨ ᠲᠤᠤ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠬᠦ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠣᠶᠢᠯᠠᠭᠠᠭᠳᠠᠬᠤᠨ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠡᠯ᠎ᠡ ᠬᠦᠷᠢᠶᠡᠨ ᠤ ᠠᠵᠢᠯ ᠳᠤ ᠦᠨᠡᠨ ᠬᠦ ᠢᠯᠡᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠳᠤᠮᠳᠠ ᠢᠯᠡᠷᠡᠭᠦᠯᠬᠦ ᠬᠡᠷᠡᠭᠲᠡᠢ᠃ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ ᠦᠨᠳᠦᠰᠦᠲᠡᠨ ᠤ ᠬᠠᠷᠢᠴᠠᠭ᠎ᠠ ᠶᠢ ᠡᠵᠡᠮᠳᠡᠬᠦ᠂ ᠦᠨᠳᠦᠰᠦᠲᠡᠨ ᠤ ᠠᠰᠠᠭᠤᠳᠠᠯ ᠳᠤ ᠬᠠᠨᠳᠤᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠨᠡᠨ ᠬᠦ ᠴᠢᠩᠭᠠᠳᠬᠠᠬᠤ ᠬᠡᠷᠡᠭᠲᠡᠢ᠃    ᠬᠤᠷᠠᠯ ᠠᠴᠠ ᠪᠠᠰᠠ ᠰᠤᠳᠤᠯᠤᠨ ᠶᠠᠷᠢᠯᠴᠠᠵᠤ ᠰᠣᠯᠢᠯᠴᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠬᠤ ᠪᠠ ᠲᠥᠪᠯᠡᠷᠡᠭᠦᠯᠦᠨ ᠥᠪᠡᠷ ᠢᠶᠠᠨ ᠰᠤᠷᠤᠯᠴᠠᠪᠠ᠃                                        ᠨᠠᠶᠢᠷᠠᠭᠤᠯᠤᠭᠴᠢ᠄    ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2