ᠡᠨᠡ ᠵᠢᠯ ᠠᠴᠠ ᠨᠠᠰᠢ᠂ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠰᠢᠶᠠᠨ ᠤ ᠨᠠᠮ ᠤᠨ ᠬᠤᠷᠢᠶ᠎ᠠ᠂ | ᠰᠢᠶᠠᠨ ᠤ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ︽ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢ ᠪᠠᠷᠢᠮᠲᠠᠯᠠᠵᠤ᠂ ᠲᠤᠰ ᠪᠡᠶ᠎ᠡ ᠶᠢᠨ ᠣᠷᠣᠰᠢᠨ ᠲᠣᠭᠲᠠᠨᠢᠬᠤ ᠨᠥᠬᠦᠴᠡᠯ ᠪᠣᠯᠤᠨ | ᠪᠠᠶᠢᠭᠠᠯᠢ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ | ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠰᠢᠨ᠎ᠡ ᠵᠠᠮ ᠢ ᠥᠷᠭᠡᠳᠬᠡᠨ ᠪᠣᠳᠠᠲᠠᠶᠢᠵᠢᠭᠤᠯᠵᠤ᠂ ᠴᠢᠴᠠᠷᠭᠠᠨ᠎ᠠ | ᠲᠠᠷᠢᠬᠤ ᠲᠦᠷᠦᠯ ᠵᠦᠢᠯ ᠢ ᠠᠷᠠᠳ ᠢ ᠪᠠᠶᠠᠵᠢᠭᠤᠯᠵᠤ ᠲᠣᠰᠬᠤᠨ ᠢ ᠬᠦᠴᠦᠷᠬᠡᠭᠵᠢᠭᠦᠯᠬᠦ ᠪᠠᠰᠠ ᠨᠢᠭᠡᠨ ᠭᠤᠣᠯᠯᠠᠭᠴᠢ | ᠠᠵᠤ ᠦᠢᠯᠡᠰ ᠪᠣᠯᠭᠠᠵᠤ᠂ ᠶᠡᠭᠡ ᠪᠠᠷ ᠳᠡᠯᠭᠡᠷᠡᠭᠦᠯᠦᠨ ᠬᠡᠷᠡᠭᠯᠡᠵᠡᠢ᠃ | | | | | | | | | | ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠪᠣᠯ ᠮᠠᠨ ᠤ ᠰᠢᠶᠠᠨ ᠤ ᠡᠮᠦᠨᠡᠲᠦ ᠬᠡᠰᠡᠭ ᠤᠨ ᠮᠠ ᠳᠧᠦ | ᠱᠠᠨ ᠣᠷᠣᠨ ᠳᠤ ᠪᠠᠶᠢᠷᠢᠯᠠᠵᠤ᠂ ᠵᠢᠯ ᠲᠤᠷᠰᠢ ᠭᠠᠩ ᠬᠠᠭᠰᠠᠷᠠᠭᠠᠨ ᠲᠠᠢ ᠪᠣᠷᠣᠭᠠᠨ ᠪᠠᠭ᠎ᠠ ᠲᠠᠢ ᠪᠤᠶᠢᠳᠠ ᠪᠥᠭᠯᠡᠭᠦᠦ | ᠰᠢᠶᠠᠩ ᠪᠠᠯᠭᠠᠰᠤ ᠪᠣᠯᠤᠨ᠎ᠠ᠃ ᠡᠨᠡ ᠵᠢᠯ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠤ ᠨᠢᠭᠡᠳᠦᠯᠲᠡᠶ ᠵᠢᠯᠣᠭᠤᠳᠣᠯᠭ᠎ᠠ ᠪᠠ ᠣᠶ ᠰᠢᠭᠤᠶ ᠶᠢᠨ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ | ᠳᠣᠤᠷ᠎ᠠ᠂ ᠭᠦᠢᠴᠡᠳ ᠪᠠᠶᠢᠴᠠᠭᠠᠨ ᠰᠤᠳᠤᠯᠵᠤ ᠨᠤᠲᠠᠯᠠᠬᠤ ᠪᠠᠷ ᠳᠡᠮᠵᠢᠨ᠂ ᠴᠢᠴᠠᠷᠭᠠᠨ᠎ᠠ ᠶᠢᠨ ᠲᠠᠷᠢᠮᠠᠯ ᠢ | ᠬᠥᠭᠵᠢᠭᠦᠯᠬᠦ ᠶᠢᠨ ᠬᠠᠮᠲᠤ ᠬᠤᠯᠪᠣᠭᠳᠠᠯ ᠪᠥᠬᠦᠶ ᠲᠥᠷᠥᠯ ᠵᠤᠶᠢᠯ ᠤᠨ ᠳᠡᠮᠵᠢᠯᠭᠡ ᠶᠢ ᠢᠳᠡᠪᠬᠢᠲᠡᠶ | ᠭᠤᠶᠤᠴᠢᠯᠠᠬᠤ ᠪᠠᠷ ᠲᠣᠭᠲᠠᠵᠤ᠂ ᠣᠲᠣ ᠨᠢᠭᠡᠨᠲᠡ ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠥᠪᠯᠡᠯ ᠤᠨ | ᠵᠥᠪᠰᠢᠶᠡᠷᠡᠯ ᠢ ᠣᠯᠵᠤ᠂ ᠵᠢᠯ ᠤᠨ ᠳᠣᠲᠣᠷ᠎ᠠ 640 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠨᠡᠶᠢᠲᠡ 1.5 | ᠲᠦᠮᠡᠨ ᠮᠥ ᠶᠢᠨ ᠴᠢᠴᠠᠷᠭᠠᠨ᠎ᠠ ᠶᠢᠨ ᠲᠠᠷᠢᠮᠠᠯ ᠤᠨ ᠣᠷᠳᠣ ᠬᠤᠩᠭᠢᠯ ᠢ 3 ᠪᠣᠶ ᠪᠣᠯᠭᠠᠬᠤ ᠪᠠᠷ ᠪᠠᠶᠢᠨ᠎ᠠ᠃ | ᠵᠦᠢᠯᠡᠰ ᠲᠤ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠴᠢᠬᠢ ᠮᠣᠳᠣ᠂ ᠨᠢᠭᠡᠳᠦᠯᠲᠡᠶ ᠲᠠᠷᠢᠬᠤ᠂ ᠨᠢᠭᠡᠳᠦᠯᠲᠡᠶ | ᠬᠠᠮᠢᠶᠠᠷᠴᠤ ᠬᠠᠮᠠᠭᠠᠯᠠᠬᠤ᠂ ᠡᠷᠤᠬᠡ ᠬᠤᠪᠢᠶᠠᠨ ᠡᠵᠡᠩᠨᠡᠬᠦ᠂ ᠬᠠᠮᠲᠤ ᠪᠠᠷ ᠬᠠᠮᠢᠶᠠᠷᠬᠤ ᠠᠷᠭ᠎ᠠ ᠶᠢ ᠬᠡᠷᠡᠭᠯᠡᠨ᠎ᠡ᠃ ᠵᠢᠮᠢᠰ | ᠡᠯᠭᠦᠭᠰᠡᠨ ᠤ ᠳᠠᠷᠠᠭ᠎ᠠ᠂ ᠮᠥ ᠪᠦᠷᠢ ᠶᠢᠨ ᠵᠢᠯ ᠤᠨ ᠳᠤᠮᠳᠠᠴᠢ ᠭᠠᠷᠤᠯᠲᠠ ᠨᠢ 30 ᠺᠢᠯᠣᠭ᠍ᠷᠠᠮ ᠣᠷᠴᠢᠮ ᠪᠠᠶᠢᠵᠤ᠂ | ᠪᠥᠬᠦ ᠰᠢᠶᠠᠩ ᠢ ᠰᠢᠭᠤᠳ ᠳᠠᠶᠢᠴᠢᠯᠠᠨ ᠵᠢᠯ ᠪᠦᠷᠢ ᠪᠠᠷᠤᠭ 300 ᠲᠦᠮᠡᠨ ᠲᠥᠭᠦᠷᠢᠭ ᠤᠨ ᠣᠷᠣᠯᠭ᠎ᠠ ᠶᠢ | ᠨᠡᠮᠡᠭᠳᠡᠭᠦᠯᠵᠦ ᠪᠣᠯᠤᠨ᠎ᠠ᠃ ᠠᠵᠤ ᠠᠬᠤᠶ ᠶᠢᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ | ᠦᠷ᠎ᠡ ᠠᠰᠢᠭ ᠤᠨ ︽ᠭᠤᠷᠪᠠᠨ ᠲᠠᠯ᠎ᠠ ᠪᠠᠷ ᠠᠰᠢᠭ ᠭᠥᠷᠳᠡᠬᠦ︾ ᠰᠢᠨ᠎ᠡ ᠳᠦᠷᠰᠦ ᠪᠠᠶᠢᠳᠠᠯ ᠢ ᠠᠯᠬᠤᠮ | ᠠᠯᠬᠤᠮ ᠢᠶᠠᠷ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠤᠯᠠᠮ ᠨᠢᠭᠡ | ᠠᠯᠬᠤᠮ ᠪᠠᠬᠢᠵᠢᠭᠦᠯᠵᠦ᠂ ᠵᠢᠵᠢᠭ ᠴᠢᠴᠠᠷᠭᠠᠨ᠎ᠠ ᠶᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ | ᠪᠠᠶᠠᠵᠢᠭᠤᠯᠬᠤ ᠶᠢ ᠳᠠᠶᠢᠴᠢᠯᠠᠬᠤ ᠲᠣᠮᠣ ᠠᠵᠤ ᠤᠶᠢᠯᠡᠰ ᠪᠣᠯᠭᠠᠨ᠎ᠠ᠃ | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |