ᠯᠢᠦ ᠶᠢᠨ ᠲᠤᠤ ᠯᠢᠶᠠᠩᠴᠧᠩ ᠰᠢᠶᠠᠨ ᠤ ᠤᠳᠤ ᠦᠶ᠎ᠡ ᠶᠢᠨ  ᠰᠦ ᠶᠢᠨ ᠦᠢᠯᠡᠰ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠲᠤᠬᠠᠢ ᠪᠠᠶᠢᠴᠠᠭᠠᠨ ᠰᠤᠳᠤᠯᠤᠯᠳᠡ ᠬᠢᠪᠡ
ᠨᠡᠶᠢᠲᠡᠯᠡᠭᠰᠡᠨ ᠴᠠᠭ᠄
2022/5/15
    5 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠲᠢᠶᠠᠨ ᠴᠧᠩ ᠰᠢᠶᠠᠩ ᠤᠨ ᠮᠤᠤ ᠱᠠᠨ ᠲᠣᠰᠬᠤᠨ ᠳᠤ ᠭᠦᠨᠵᠡᠭᠡᠶᠢᠷᠡᠨ ᠯᠢᠶᠠᠩᠴᠧᠩ ᠤᠨ ᠣᠲᠣ ᠦᠶ᠎ᠡ ᠶᠢᠨ ᠰᠦ ᠶᠢᠨ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠬᠤᠯᠪᠣᠭᠳᠠᠯ ᠪᠥᠬᠦᠶ ᠠᠰᠠᠭᠤᠳᠠᠯ ᠢ ᠲᠤᠬᠠᠶ ᠶᠢᠨ ᠭᠠᠵᠠᠷ ᠲᠤᠨᠢ ᠰᠢᠢᠳᠪᠤᠷᠢᠯᠡᠨ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ‍ᠤᠤᠢ ᠵᠢᠶᠠᠨ  ᠹᠧᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠸᠠᠩ ᠵᠢᠶᠦ᠋ᠨ ᠶᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ  ᠹᠧᠩ ᠵᠢᠶᠦ᠋ᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
      ᠯᠢᠶᠠᠩᠴᠧᠩ  ᠤᠨ ᠣᠲᠣ ᠦᠶ᠎ᠡ ᠶᠢᠨ  ᠰᠦ ᠶᠢᠨ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ᠂ ᠯᠢᠦ ᠶᠢᠨ ᠲᠤᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠬᠥᠬᠡ ᠵᠢᠷᠤᠭ ᠢ ᠪᠠᠶᠢᠴᠠᠭᠠᠨ ᠦᠵᠡᠵᠦ᠂ ᠲᠥᠷᠥᠯ  ᠵᠤᠶᠢᠯ ᠤᠨ ᠲᠥᠯᠥᠪᠵᠢᠭᠦᠯᠭᠡ ᠪᠠ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠢᠵᠢ ᠪᠥᠷᠢᠳᠦᠭᠰᠡᠨ ᠪᠠᠶᠢᠳᠠᠯ ᠵᠢᠴᠢ  ᠰᠢᠢᠳᠪᠤᠷᠢᠯᠡᠬᠦ ᠴᠢᠬᠤᠯᠠᠲᠠᠶ ᠪᠣᠳᠠᠲᠠᠶ ᠠᠰᠠᠭᠤᠳᠠᠯ ᠢ ᠨᠠᠷᠢᠨ ᠣᠶᠢᠯᠠᠭᠠᠪᠠ᠃  
      ᠯᠢᠦ ᠶᠢᠨ ᠲᠤᠤ ᠴᠢᠬᠤᠯᠠᠴᠢᠯᠠᠭᠰᠠᠨ ᠨᠢ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠰᠠᠭᠠᠯᠢ ᠶᠢᠨ ᠦᠢᠯᠡᠰ ᠤᠨ ᠰᠠᠭᠤᠷᠢᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ︔ ᠪᠠᠯᠠ ᠣᠷᠣᠭᠤᠯᠤᠯᠲᠠ ᠶᠢᠨ ᠭᠤᠤᠯ ᠴᠣᠭᠴᠠ ᠨᠢ ᠠᠬᠢᠭᠤᠯᠬᠤ ᠲᠥᠯᠥᠪᠯᠡᠭᠡ ᠶᠢ ᠴᠢᠩᠭ᠎ᠠ ᠵᠢᠷᠤᠮᠯᠠᠨ᠂  ᠰᠦ ᠶᠢᠨ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠠᠭᠤᠷᠢᠨ ᠭᠠᠵᠠᠷ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠣᠬᠢᠴᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠤ ᠠᠬᠤᠶᠢᠯᠠᠯ ᠢ ᠬᠠᠪᠰᠤᠷᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ᠂ ᠭᠠᠵᠠᠷ ᠰᠢᠷᠣᠶ ᠶᠢᠨ ᠡᠷᠭᠢᠯᠲᠡ᠂ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠠᠰᠠᠭᠤᠳᠠᠯ ᠢ ᠴᠠᠭ ᠲᠤᠬᠠᠶ ᠳᠤᠨᠢ  ᠰᠢᠢᠳᠪᠤᠷᠢᠯᠡᠵᠦ᠂ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠳᠤ ᠰᠠᠭᠤᠷᠢ ᠶᠢ ᠪᠠᠲᠤᠳᠬᠠᠬᠤ ᠬᠡᠷᠡᠭᠲᠡᠶ︔ ᠰᠠᠭᠠᠯᠢ ᠶᠢᠨ ᠦᠢᠯᠡᠰ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ᠂ ᠡᠷᠬᠢᠨ ᠲᠣᠭᠤᠷᠢᠨ ᠤ ᠲᠣᠰᠬᠤᠨ ᠢ ᠨᠥᠯᠥᠭᠡᠯᠡᠨ ᠲᠠᠶᠢᠴᠢᠯᠠᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠠ ᠲᠠᠷᠢᠶᠠᠴᠢᠨ ᠡᠷᠤᠭᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠬᠦᠯᠵᠤ᠂ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃    ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ  ᠲᠤᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ  ᠲᠤᠪᠴᠢᠶ᠎ᠠ ᠵᠢᠴᠢ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ  ᠵᠡᠷᠭᠡ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                     ᠨᠠᠶᠢᠷᠠᠭᠤᠯᠤᠭᠴᠢ᠄    ᠯᠢ ᠬᠤᠩ ᠢᠦᠢ                                                       ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2