ᠯᠢᠶᠠᠩᠴᠧᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠯᠢᠶᠠᠩᠴᠧᠩ ᠰᠢᠶᠠᠨ ᠤ ᠬᠤᠲᠠ ᠪᠠᠯᠭᠠᠰᠤᠨ ᠤ  ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠱᠠᠲᠤᠯᠢᠭ ᠦᠨ᠎ᠡ ᠶᠢᠨ ᠭᠡᠷᠡᠴᠢᠯᠡᠭᠡ ᠰᠣᠨᠣᠰᠬᠤ ᠬᠤᠷᠠᠯ ᠤᠨ ᠪᠠᠶᠢᠳᠠᠯ ᠤᠨ ᠲᠤᠬᠠᠶ ᠮᠡᠳᠡᠭᠦᠯᠦᠯᠳᠡ
ᠨᠡᠶᠢᠲᠡᠯᠡᠭᠰᠡᠨ ᠴᠠᠭ᠄
2022/5/16
    ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ  ᠤᠶᠢᠯᠡᠳᠤᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠵᠦᠶ ᠵᠣᠬᠢᠰᠲᠠᠶ ᠪᠠᠷ ᠤᠰᠤ ᠬᠡᠷᠡᠭᠯᠡᠬᠦ᠂ ᠤᠰᠤ ᠶᠢ ᠠᠷᠪᠢᠯᠠᠨ ᠭᠠᠮᠨᠠᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠭᠡᠷᠡᠴᠢᠯᠡᠭᠡ ᠰᠣᠨᠣᠰᠬᠤ ᠠᠷᠭ᠎ᠠ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠯᠢᠶᠠᠩᠴᠧᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2022 ᠣᠨ ᠤ 5 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠭᠡᠷ ᠳᠠᠪᠬᠤᠷᠯᠢᠭ ᠤᠨ ᠬᠤᠷᠠᠯ ᠤᠨ ᠬᠡᠷ ᠲᠤ ᠯᠢᠶᠠᠩᠴᠧᠩ ᠰᠢᠶᠠᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠱᠠᠲᠤᠯᠢᠭ ᠦᠨ᠎ᠡ ᠬᠠᠩᠰᠢ ᠶᠢᠨ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠤᠳᠤ ᠬᠤᠷᠠᠯ ᠤᠨ ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠄    ᠨᠢᠭᠡ᠂ ᠭᠡᠷᠡᠴᠢᠯᠡᠭᠡ ᠰᠣᠨᠣᠰᠬᠤ ᠬᠤᠷᠠᠯ ᠤᠨ ᠦᠨᠳᠦᠰᠦᠨ ᠪᠠᠶᠢᠳᠠᠯ    ᠲᠤᠰ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠳᠤ ︽ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠭᠡᠷᠡᠴᠢᠯᠡᠭᠡ ᠰᠣᠨᠣᠰᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠭᠡᠷᠡᠴᠢᠯᠡᠭᠡ ᠰᠣᠨᠣᠰᠤᠭᠴᠢ ᠶᠢ 4 ᠭᠠᠷᠭᠠᠵᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠠᠨ ᠢᠶᠠᠷ ᠪᠦᠷᠢᠯᠳᠦᠭᠦᠯᠦᠨ᠎ᠡ︔ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠢᠯᠡ ᠪᠠᠷ ᠨᠡᠷ᠎ᠡ ᠮᠡᠳᠡᠭᠦᠯᠬᠦ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠲᠠᠨᠢᠯᠴᠠᠭᠤᠯᠭ᠎ᠠ ᠵᠢᠴᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠰᠠᠯᠠᠭ᠎ᠠ ᠮᠥᠴᠢᠷ ᠤᠨ ᠤᠷᠢᠯᠭ᠎ᠠ ᠪᠠᠷ ᠳᠡᠮᠵᠢᠨ ᠨᠡᠶᠢᠲᠡ 26 ᠬᠥᠮᠦᠨ ᠪᠣᠶ ᠪᠣᠯᠵᠠᠶ᠃ ᠡᠭᠦᠨ ᠳᠤ ᠬᠡᠷᠡᠭᠯᠡᠭᠴᠢᠳ ᠤᠨ ᠲᠥᠯᠥᠭᠡᠯᠡᠭᠴᠢ 15᠂ ᠡᠵᠡᠩᠨᠡᠭᠴᠢᠳ ᠤᠨ ᠲᠥᠯᠥᠭᠡᠯᠡᠭᠴᠢ 3᠂ ᠲᠤᠰᠬᠠᠶ ᠮᠡᠷᠭᠡᠵᠢᠯᠲᠡᠨ ᠡᠷᠳᠡᠮᠲᠡᠨ 2᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠥᠯᠥᠭᠡᠯᠡᠭᠴᠢ 6 ᠪᠣᠶ᠃    ᠭᠡᠷᠡᠴᠢᠯᠡᠭᠡ ᠰᠣᠨᠣᠰᠬᠤ ᠬᠤᠷᠠᠯ ᠨᠢ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠶᠣᠰᠣᠲᠠᠶ ᠬᠥᠮᠦᠨ 26 ᠬᠥᠮᠦᠨ᠂ ᠪᠣᠳᠠᠲᠠᠶ ᠣᠷᠣᠯᠴᠠᠭᠰᠠᠨ ᠬᠥᠮᠦᠨ 26 ᠬᠥᠮᠦᠨ ᠪᠠᠶᠢᠵᠤ᠂ ︽ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠭᠡᠷᠡᠴᠢᠯᠡᠭᠡ ᠰᠣᠨᠣᠰᠬᠤ ᠠᠷᠭ᠎ᠠ︾ ᠶᠢᠨ ᠲᠣᠭᠲᠠᠭᠠᠯ ᠳᠤ ᠨᠡᠶᠢᠴᠡᠵᠦ᠂ ᠬᠤᠷᠠᠯ ᠢ ᠲᠣᠭᠲᠠᠭᠰᠠᠨ ᠬᠤᠭᠤᠴᠠᠭᠠᠨ ᠳᠤ ᠬᠤᠷᠠᠯᠳᠤᠭᠤᠯᠤᠨ᠎ᠠ᠃ ᠬᠤᠷᠠᠯ ᠤᠨ ᠲᠤᠬᠠᠶ ᠶᠢᠨ ᠲᠠᠯᠠᠪᠤᠷ ᠲᠤ᠂ ᠭᠡᠷᠡᠴᠢᠯᠡᠭᠡ ᠰᠣᠨᠣᠰᠬᠤ ᠲᠥᠯᠥᠭᠡᠯᠡᠭᠴᠢ ᠯᠢᠶᠠᠩᠴᠧᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠯᠢᠶᠠᠩᠴᠧᠩ ᠰᠢᠶᠠᠨ ᠤ ᠬᠤᠲᠠ ᠪᠠᠯᠭᠠᠰᠤᠨ ᠤ ᠤᠰᠤ ᠬᠠᠩᠭᠠᠬᠤ ᠦᠨ᠎ᠡ ᠬᠠᠩᠰᠢ ᠶᠢᠨ ᠲᠣᠬᠢᠷᠠᠭᠤᠯᠤᠯᠲᠠ ᠵᠢᠴᠢ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠱᠠᠲᠤᠯᠢᠭ ᠦᠨ᠎ᠡ ᠬᠠᠩᠰᠢ ᠶᠢ ᠬᠡᠷᠡᠭᠵᠢᠭᠦᠯᠬᠦ︾ ᠲᠤᠬᠠᠶ ᠬᠡᠷᠡᠭᠵᠢᠭᠦᠯᠬᠦ ᠲᠥᠰᠦᠯ ᠳᠤ ᠳᠤᠷᠠᠳᠤᠭᠰᠠᠨ ᠬᠤᠶᠠᠷ ᠢᠵᠢ ᠲᠥᠰᠦᠯ ᠢ ᠲᠤᠯᠭᠠᠨ ᠭᠡᠷᠡᠴᠢᠯᠡᠭᠰᠡᠨ ᠪᠠ ᠮᠠᠷᠭᠤᠯᠳᠤᠵᠤ᠂ ᠬᠠᠤᠯᠢ ᠳᠦᠷᠢᠮᠵᠢᠭᠦᠯᠬᠦ ᠪᠠ ᠠᠷᠠᠳᠴᠢᠯᠠᠬᠤ ᠱᠠᠭᠠᠷᠳᠠᠯᠭ᠎ᠠ ᠶᠢ  ᠭᠦᠢᠴᠡᠳ ᠢᠯᠡᠷᠡᠭᠦᠯᠪᠡ᠃ ᠪᠦᠷᠢᠳᠬᠡᠭᠰᠡᠨ ᠢᠶᠠᠷ᠂ 26 ᠲᠥᠯᠥᠭᠡᠯᠡᠭᠴᠢ ᠶᠢᠨ ᠳᠣᠲᠣᠷ᠎ᠠ ᠠᠴᠠ ᠲᠥᠰᠦᠯ ᠨᠢᠭᠡ ᠶᠢ ᠴᠥᠮ ᠵᠥᠪᠰᠢᠶᠡᠷᠡᠭᠰᠡᠨ ᠪᠠᠶᠢᠨ᠎ᠠ᠃    ᠬᠤᠶᠠᠷ᠂ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠤᠨ ᠤᠰᠤᠨ ᠤ ᠱᠠᠲᠤᠯᠢᠭ ᠦᠨ᠎ᠡ ᠶᠢᠨ ᠲᠥᠰᠦᠯ ᠢ ᠬᠡᠷᠡᠭᠵᠢᠭᠦᠯᠬᠦ ᠲᠤᠬᠠᠶ ᠰᠠᠨᠠᠯ    ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠦᠨ᠎ᠡ ᠬᠠᠩᠰᠢ ᠶᠢᠨ ᠰᠠᠯᠠᠭ᠎ᠠ ᠮᠥᠴᠢᠷ ᠤᠨ ᠳᠤᠷᠠᠳᠤᠭᠰᠠᠨ ᠤᠰᠤᠨ ᠤ ᠱᠠᠲᠤᠯᠢᠭ ᠦᠨ᠎ᠡ ᠶᠢᠨ ᠲᠥᠰᠦᠯ ᠨᠢᠭᠡ ᠶᠢ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠴᠥᠮ ᠵᠥᠪᠰᠢᠶᠡᠷᠡᠵᠦ ᠪᠠᠶᠢᠨ᠎ᠠ᠃    ᠭᠤᠷᠪᠠ᠂ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠤᠨ ᠰᠠᠨᠠᠯ ᠢ ᠰᠢᠢᠳᠪᠦᠷᠢᠯᠡᠬᠦ ᠰᠠᠨᠠᠯ    ᠰᠠᠨᠠᠯ ᠰᠣᠨᠣᠰᠤᠭᠴᠢᠳ ᠤᠨ ᠦᠵᠡᠬᠦ ᠪᠠᠷ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠢᠳᠡᠪᠬᠢᠲᠡᠶ ᠪᠠᠷ ᠶᠠᠷᠢᠶ᠎ᠠ ᠲᠠᠯᠪᠢᠬᠤ ᠪᠠᠷ ᠳᠡᠮᠵᠢᠨ᠂ ᠪᠥᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ᠂ ᠬᠠᠤᠯᠢ ᠲᠦᠷᠢᠮ ᠤᠨ ᠦᠵᠡᠯ ᠤᠬᠠᠮᠰᠠᠷ ᠶᠠᠭ ᠠᠯᠬᠤᠮ ᠠᠯᠬᠤᠮ ᠢᠶᠠᠷ ᠴᠢᠩᠭᠠᠷᠠᠵᠤ ᠪᠠᠶᠢᠬᠤ ᠶᠢ ᠲᠤᠰᠬᠠᠵᠤ᠂ ᠳᠤᠷᠠᠳᠤᠭᠰᠠᠨ ᠰᠠᠨᠠᠯ ᠪᠠ ᠰᠠᠨᠠᠭᠤᠯᠭ᠎ᠠ ᠨᠢ ᠪᠤᠰᠤᠳᠴᠢ ᠪᠥᠭᠡᠳ ᠣᠨᠣᠴᠢᠲᠠᠶ ᠪᠠᠶᠢᠨ᠎ᠠ᠃ ᠬᠤᠷᠠᠯ ᠤᠨ ᠳᠠᠷᠠᠭ᠎ᠠ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢᠳ ᠤᠨ ᠰᠠᠨᠠᠯ ᠢ ᠶᠡᠷᠦᠩᠬᠡᠶᠢᠯᠡᠨ ᠪᠣᠳᠣᠯᠬᠢᠯᠠᠵᠤ᠂ ︽ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠱᠠᠲᠤᠯᠢᠭ ᠦᠨ᠎ᠡ ᠶᠢᠨ ᠲᠥᠰᠦᠯ︾ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠴᠠᠭ ᠲᠤᠨᠢ ᠲᠣᠬᠢᠷᠠᠭᠤᠯᠤᠨ ᠨᠡᠶᠢᠲᠡᠯᠡᠨ ᠬᠡᠷᠡᠭᠵᠢᠭᠦᠯᠦᠨ᠎ᠡ᠃                                                                                                ᠯᠢᠶᠠᠩᠴᠧᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                         2022 ᠣᠨ ᠤ 5 ᠰᠠᠷ᠎ᠠ ᠶᠢᠨ 12
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2