5 ᠰᠠᠷ᠎ᠠ ᠶᠢᠨ 23 ᠤ ᠡᠳᠦᠷ᠂ 2022 ᠣᠨ ᠤ ᠪᠥᠬᠦ ᠰᠢᠶᠠᠨ ᠤ ᠰᠠᠯᠠᠭᠠᠨ ᠲᠠᠰ ᠤᠨ ᠺᠠᠳ᠋ᠷ ᠤᠨ | ᠪᠣᠯᠪᠠᠰᠤᠷᠠᠯ ᠤᠨ ᠠᠩᠭᠢ ᠡᠬᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠶᠤᠤ ᠨᠢᠩ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ | | | | ᠳ᠋ᠦᠩ ᠰᠢᠶᠤᠤ ᠨᠢᠩ ᠵᠢᠭᠠᠵᠤ ᠭᠠᠷᠭᠠᠭᠰᠠᠨ ᠨᠢ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠪᠣᠯ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢᠨ ᠤᠳᠤᠷᠢᠳᠤᠮᠵᠢ ᠶᠢᠨ ᠴᠢᠨᠠᠷᠲᠠᠶ᠂ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠢᠨᠵᠧᠨᠧᠷᠢᠩ ᠮᠥᠨ᠂ ᠰᠢᠨ᠎ᠡ ᠪᠠᠶᠢᠳᠠᠯ ᠰᠢᠨ᠎ᠡ ᠡᠭᠦᠷᠭᠡ ᠳᠤ ᠵᠣᠬᠢᠴᠠᠭᠤᠯᠬᠤ ᠶᠢᠨ ᠲᠤᠯᠭᠠᠮ᠎ᠠ ᠬᠡᠷᠡᠭᠴᠡᠭᠡ | ᠮᠥᠨ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠪᠤᠰᠤᠳᠴᠢ | ᠬᠡᠷᠡᠭᠴᠡᠭᠡ ᠮᠥᠨ᠂ ᠪᠦᠬᠦ ᠰᠢᠶᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠪᠣᠳᠠᠲᠤ | ᠬᠡᠷᠡᠭᠴᠡᠭᠡ ᠮᠥᠨ᠂ ᠤᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ᠪᠡᠶ᠎ᠡ ᠪᠠᠷ ᠢᠶᠠᠨ | ᠴᠢᠷᠮᠠᠶᠢᠵᠤ᠂ ᠤᠶᠤᠨ ᠴᠢᠳᠠᠯ ᠢᠶᠠᠨ ᠲᠥᠪᠯᠡᠷᠡᠭᠦᠯᠦᠨ᠂ ᠨᠠᠷᠢᠨ ᠬᠢᠨᠠᠮᠠᠭᠠᠶ ᠰᠤᠷᠤᠯᠴᠠᠵᠤ᠂ ᠰᠤᠷᠤᠯᠴᠠᠪᠠᠯ | ᠳᠡᠭᠡᠭᠰᠢᠯᠡᠯᠲᠡ ᠲᠠᠢ᠂ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ ᠲᠠᠪᠰᠢᠯᠳᠠ ᠲᠠᠢ ᠪᠠᠶᠢᠬᠤ ᠶᠢ ᠴᠢᠷᠮᠠᠶᠢᠨ | ᠪᠡᠶᠡᠯᠡᠭᠦᠯᠬᠦ ᠬᠡᠷᠡᠭᠲᠡᠶ ᠭᠡᠵᠠᠢ᠃ | | | | | ᠳ᠋ᠦᠩ ᠰᠢᠶᠤᠤ ᠨᠢᠩ ᠴᠢᠬᠤᠯᠠᠴᠢᠯᠠᠭᠰᠠᠨ ᠨᠢ᠂ ᠰᠢᠶᠠᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠬᠢᠨ ᠲᠤᠰᠬᠠᠶ ᠬᠥᠮᠦᠨ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠲᠣᠬᠢᠷᠠᠭᠤᠯᠵᠤ ᠠᠩᠭᠢ | ᠳᠠᠭᠠᠭᠤᠯᠬᠤ ᠪᠠᠷ ᠲᠣᠬᠢᠷᠠᠭᠤᠯᠵᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢ ᠴᠢᠩᠭ᠎ᠠ ᠬᠠᠮᠢᠶᠠᠷᠴᠤ᠂ | ᠠᠵᠢᠯ ᠳᠤ ᠭᠠᠷᠬᠤ ᠶᠢ ᠴᠢᠩᠭ᠎ᠠ ᠰᠢᠯᠭᠠᠵᠤ᠂ ᠰᠤᠷᠤᠯᠴᠠᠬᠤ ᠰᠤᠷᠲᠠᠯ ᠤᠨ ᠪᠠᠶᠢᠳᠠᠯ ᠢ ᠮᠡᠳᠡᠭᠳᠡᠬᠦ ᠳᠦᠷᠢᠮ ᠢ | ᠬᠡᠷᠡᠭᠵᠢᠭᠦᠯᠵᠦ᠂ ᠰᠤᠷᠤᠭᠴᠢᠳ ᠤᠨ ᠪᠣᠯᠪᠠᠰᠤᠷᠠᠯ ᠳᠤ ᠣᠷᠣᠯᠴᠠᠭᠰᠠᠨ ᠪᠠᠶᠢᠳᠠᠯ᠂ ᠢᠯᠡᠷᠡᠯ ᠪᠣᠯᠤᠨ ᠰᠤᠷᠤᠯᠭ᠎ᠠ ᠶᠢᠨ | ᠬᠢᠷᠢ ᠪᠦᠲᠦᠮᠵᠢ ᠵᠡᠷᠭᠡ ᠶᠢ ᠰᠤᠷᠤᠭᠴᠢᠳ ᠤᠨ ᠪᠠᠶᠢᠭ᠎ᠠ ᠨᠢᠭᠡᠴᠡ ᠳᠤ ᠮᠡᠳᠡᠭᠳᠡᠬᠦ ᠬᠡᠷᠡᠭᠲᠡᠶ᠃ ᠪᠣᠯᠪᠠᠰᠤᠷᠠᠯ ᠤᠨ | ᠠᠩᠭᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠰᠤᠷᠤᠭᠴᠢᠳ ᠲᠤ ᠨᠠᠷᠢᠨ ᠨᠢᠮᠪᠠᠶ | ᠦᠢᠯᠡᠴᠢᠯᠡᠭᠡ ᠬᠠᠩᠭᠠᠵᠤ᠂ ᠪᠣᠯᠪᠠᠰᠤᠷᠠᠯ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠰᠤᠷᠤᠭᠴᠢᠳ | ᠰᠠᠬᠢᠯᠭ᠎ᠠ ᠪᠠᠲᠤ ᠶᠢᠨ ᠦᠵᠡᠯᠲᠡ ᠪᠠᠨ ᠴᠢᠩᠭᠠᠳᠬᠠᠵᠤ᠂ ᠪᠣᠯᠪᠠᠰᠤᠷᠠᠭᠤᠯᠤᠯ ᠤᠨ ᠰᠠᠬᠢᠯᠭ᠎ᠠ ᠪᠠᠲᠤ ᠶᠢ ᠴᠢᠩᠭ᠎ᠠ | ᠵᠢᠷᠤᠮᠯᠠᠨ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠮᠢᠶᠠᠷᠤᠯᠲᠠ ᠶᠢ ᠤᠬᠠᠮᠰᠠᠷ ᠠᠴᠠ ᠪᠠᠨ | ᠳᠠᠭᠠᠵᠤ᠂ ᠥᠪᠡᠷ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ | ᠳᠠᠷᠤᠤ ᠬᠢᠴᠢᠶᠡᠩᠭᠦᠶ ᠪᠠᠷ ᠠᠰᠠᠭᠤᠨ ᠰᠤᠷᠠᠵᠤ᠂ ᠢᠳᠡᠪᠬᠢᠲᠡᠶ ᠪᠠᠷ ᠰᠠᠨᠠᠯ ᠢᠶᠠᠨ ᠰᠣᠯᠢᠯᠴᠠᠵᠤ᠂ ᠲᠣᠰ ᠤᠳᠠᠭᠠᠨ ᠤ | ᠰᠤᠷᠤᠯᠴᠠᠯᠭ᠎ᠠ ᠪᠣᠯᠪᠠᠰᠤᠷᠠᠭᠤᠯᠤᠯ ᠢᠶᠠᠷ ᠳᠡᠮᠵᠢᠨ᠂ ᠦᠨᠡᠨ ᠬᠦ ᠣᠯᠤᠯᠲᠠ ᠲᠠᠢ᠂ ᠳᠡᠭᠡᠭᠰᠢᠯᠡᠯᠲᠡ ᠲᠠᠢ ᠪᠣᠯᠬᠤ ᠪᠠᠷ | ᠴᠢᠷᠮᠠᠶᠢᠬᠤ ᠬᠡᠷᠡᠭᠲᠡᠶ᠃ | | | | ᠣᠶᠢᠯᠠᠭᠠᠭᠰᠠᠨ ᠢᠶᠠᠷ᠂ ᠲᠤᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 5 ᠡᠳᠦᠷ ᠪᠣᠯᠤᠨ᠎ᠠ᠂ | ᠲᠥᠪᠯᠡᠷᠡᠭᠦᠯᠦᠨ ᠬᠢᠴᠢᠶᠡᠯᠯᠡᠬᠦ᠂ ᠳᠤᠭᠤᠶᠢᠯᠠᠩ ᠬᠤᠪᠢᠶᠠᠵᠤ ᠰᠤᠳᠤᠯᠤᠨ ᠶᠠᠷᠢᠯᠴᠠᠬᠤ᠂ ᠰᠢᠯᠭᠠᠯᠲᠠ ᠬᠢᠬᠦ ᠶᠢ | ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ | ᠭᠦᠨᠵᠡᠭᠡᠶ ᠰᠤᠷᠤᠯᠴᠠᠨ ᠣᠶᠢᠯᠠᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠱᠠᠰᠢᠨ ᠰᠤᠷᠲᠠᠬᠤᠨ ᠤ ᠠᠵᠢᠯ᠂ | ᠨᠢᠭᠤᠴᠠ ᠶᠢ ᠬᠠᠮᠠᠭᠠᠯᠠᠬᠤ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠤ | ᠲᠤᠰᠬᠠᠶ ᠮᠡᠷᠭᠡᠵᠢᠯ ᠤᠨ ᠮᠡᠳᠡᠯᠭᠡ ᠶᠢ ᠰᠢᠰᠲ᠋ᠧᠮ ᠲᠠᠢ ᠰᠤᠷᠤᠯᠴᠠᠵᠤ᠂ ᠰᠤᠷᠤᠭᠴᠢᠳ ᠢ ᠤᠯᠠᠮ ᠨᠢᠭᠡ ᠠᠯᠬᠤᠮ | ᠬᠥᠲᠥᠯᠦᠨ ᠵᠢᠯᠣᠭᠤᠳᠴᠤ ᠪᠠᠶᠢᠭᠠᠳ ᠰᠡᠳᠬᠢᠮᠵᠢ ᠶᠢ ᠨᠢ ᠲᠣᠳᠣᠷᠬᠠᠶ ᠪᠣᠯᠭᠠᠵᠤ᠂ ᠡᠭᠦᠷᠭᠡ ᠶᠢ ᠨᠢ ᠲᠣᠳᠣᠷᠬᠠᠶ | ᠪᠣᠯᠭᠠᠨ᠂ ᠢᠲᠡᠭᠡᠯ ᠵᠣᠷᠢᠭ ᠢ ᠨᠢ ᠪᠠᠲᠤᠳᠬᠠᠵᠤ᠂ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ | ᠱᠠᠭᠠᠷᠳᠠᠯᠭ᠎ᠠ ᠳᠤ ᠵᠣᠬᠢᠴᠠᠬᠤ ᠶᠢ ᠲᠦᠷᠭᠡᠳᠬᠡᠨ᠂ ᠤᠶᠢᠯᠡᠴᠢᠯᠡᠭᠡᠨ ᠤ ᠲᠥᠪ ᠤᠨ ᠶᠡᠭᠡ ᠲᠠᠯ᠎ᠠ ᠶᠢᠨ ᠴᠢᠳᠠᠪᠤᠷᠢ ᠬᠡᠪ | ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠷᠪᠠᠨ ᠶᠡᠭᠡ ᠠᠵᠤ ᠤᠶᠢᠯᠡᠰ ᠢ ᠬᠥᠭᠵᠢᠭᠦᠯᠦᠨ ᠮᠠᠨᠳᠤᠭᠤᠯᠬᠤ᠂ | ᠳᠥᠷᠪᠡᠨ ᠵᠤᠶᠢᠯ ᠤᠨ ᠳᠤᠲᠠᠭᠤᠳᠠᠯ ᠢ ᠨᠥᠬᠦᠪᠥᠷᠢᠯᠡᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ | ᠰᠡᠷᠢᠭᠦᠨ ᠬᠤᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ | ᠬᠡᠷᠡᠭᠲᠡᠶ᠃ | | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |