5 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠱᠦᠵᠢ ᠨᠡᠷ ᠤᠨ | ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠣᠲᠣ ᠦᠶ᠎ᠡ ᠶᠢᠨ ᠰᠦ ᠶᠢᠨ | ᠤᠶᠢᠯᠡᠰ ᠤᠨ ᠰᠠᠭᠤᠷᠢᠨ ᠭᠠᠵᠠᠷ᠂ ᠠᠭᠠᠷ ᠤᠨ ᠠᠶᠠᠯᠠᠯ ᠤᠨ ᠣᠶ ᠰᠢᠭᠤᠶ ᠬᠠᠮᠠᠭᠠᠯᠠᠬᠤ ᠥᠷᠲᠡᠭᠡ᠂ ᠮᠠᠩᠬᠠᠨ | ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᡂᠢ ᠵᠢᠶᠠᠨ ᠹᠧᠩ᠂ ᠡᡁᠸᠥ ᠵᠢᠶᠦ᠋ᠨ ᠢᠦᠢ᠂ ᠸᠠᠩ ᠵᠢᠶᠦ᠋ᠨ | ᠶᠦᠩ᠂ ᠹᠧᠩ ᠵᠢᠶᠦ᠋ᠨ ᠬᠤᠷᠠᠯ ᠳᠤ ᠣᠷᠣᠯᠴᠠᠵᠠᠢ᠃ | | | | | ᠬᠤᠷᠠᠯ ᠠᠴᠠ ᠴᠢᠬᠤᠯᠠᠴᠢᠯᠠᠭᠰᠠᠨ ᠨᠢ | ᠰᠦ ᠶᠢᠨ ᠤᠶᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ | ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠡᠷᠴᠢ | ᠵᠣᠷᠢᠭ ᠢᠶᠠᠨ ᠭᠦᠢᠴᠡᠳ ᠪᠠᠳᠠᠷᠠᠭᠤᠯᠤᠨ᠂ ᠵᠢᠷᠤᠭ ᠢᠶᠠᠨ ᠡᠯᠭᠦᠨ ᠪᠠᠶᠢᠯᠳᠤᠵᠤ᠂ ᠭᠠᠷᠳᠠᠮ ᠢ ᠪᠣᠶ ᠪᠣᠯᠭᠠᠨ᠂ | ᠦᠯᠡᠳᠡᠭᠰᠡᠨ ᠭᠠᠷᠳᠠᠮ ᠢ ᠭᠦᠢᠴᠡᠳᠭᠡᠬᠦ ᠪᠠ ᠡᠯ᠎ᠡ ᠵᠤᠶᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠶ | ᠯᠠᠪᠳᠠᠭᠤᠨ ᠢᠶᠠᠷ ᠠᠬᠢᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠪᠣᠯᠤᠨ ᠰᠢᠶᠠᠩ | ᠪᠠᠯᠭᠠᠰᠤ ᠨᠤᠭᠤᠳ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠬᠤᠳᠠ ᠶᠢᠨ ᠱᠠᠲᠤᠨ ᠤ ᠰᠠᠯᠠᠭ᠎ᠠ ᠮᠥᠴᠢᠷ ᠯᠦᠭᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠪᠠᠶᠢᠭᠠᠳ ᠠᠭᠠᠷ ᠤᠨᠲ᠋ᠡᠭᠡᠭᠡᠪᠦᠷᠢ ᠶᠢᠨ ᠤᠢ ᠰᠢᠭᠤᠶ ᠬᠠᠮᠠᠭᠠᠯᠠᠬᠤ ᠥᠷᠳᠡᠭᠡ ᠶᠢᠨ ᠲᠥᠷᠥᠯ ᠵᠦᠢᠯ ᠤᠨ ᠪᠥᠳᠥᠭᠡᠨ | ᠪᠠᠶᠢᠭᠤᠯᠤᠯᠲᠠ ᠶᠢ ᠬᠠᠮᠲᠤᠪᠠᠷ ᠲᠥᠯᠬᠢᠨ ᠠᠬᠢᠭᠤᠯᠬᠤ ᠶᠢᠨ ᠬᠠᠮᠲᠤ ᠪᠠᠰᠠ ᠨᠡᠶᠢᠳᠡᠮ ᠬᠡᠷᠡᠭᠯᠡᠭᠡᠨ ᠤᠨᠢᠰᠬᠡᠯ ᠤᠨ | ᠪᠠᠭᠤᠳᠠᠯ ᠤᠨ ᠲᠥᠷᠥᠯ ᠵᠦᠢᠯ ᠤᠨᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠱᠠᠯᠠᠪᠳᠠᠨ ᠬᠢᠬᠦ ᠬᠡᠷᠡᠭᠲᠡᠶ᠃ | ᠦᠢᠯᠡᠴᠢᠯᠡᠭᠡ ᠪᠠᠨ ᠰᠠᠶᠢᠲᠤᠷ ᠬᠢᠵᠦ᠂ ᠨᠢᠭᠲᠠ ᠬᠠᠮᠵᠢᠯᠴᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠶᠠᠪᠤᠴᠠ ᠳᠤ ᠲᠣᠬᠢᠶᠠᠯᠳᠤᠭᠰᠠᠨ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ | ᠰᠢᠢᠳᠪᠤᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠨᠥᠬᠦᠴᠡᠯ ᠪᠠ | ᠨᠥᠬᠦᠴᠡᠯ ᠢ ᠴᠢᠷᠮᠠᠶᠢᠨ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠠᠭ ᠤᠨ | ᠳᠠᠷᠠᠭᠠᠯᠠᠯ ᠤᠨ ᠠᠬᠢᠴᠠ ᠪᠠᠷ ᠤᠷᠤᠭᠰᠢᠲᠠᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠠᠢ᠃ | ᠬᠤᠷᠠᠯ ᠤᠨ ᠱᠠᠭᠠᠷᠳᠠᠯᠭ᠎ᠠ | ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠲᠣᠳᠣᠷᠬᠠᠢ ᠲᠠᠨᠢᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠭᠯᠡᠯ ᠲᠠᠢ ᠨᠢᠭᠲᠠ ᠤᠶᠠᠯᠳᠤᠭᠤᠯᠤᠨ᠂ | ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠡᠷᠢᠭᠦᠨ ᠴᠢᠬᠤᠯᠠ ᠬᠠᠷᠠᠯᠲᠠ ᠪᠣᠯᠭᠠᠵᠤ᠂ ᠮᠠᠨ ᠤ | ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠪᠦᠬᠦ | ᠲᠠᠯ᠎ᠠ ᠪᠠᠷ ᠴᠢᠩᠭᠠᠳᠬᠠᠬᠤ ᠬᠡᠷᠡᠭᠲᠡᠢ᠃ ᠣᠷᠣᠰᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ | ᠬᠦᠴᠦᠨ ᠢ ᠪᠦᠷᠢᠯᠳᠦᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ | ᠲᠣᠭᠲᠠᠭᠰᠠᠨ ᠬᠤᠭᠤᠴᠠᠭᠠᠨ ᠳᠤ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠠᠰᠢᠭ ᠲᠠᠢ ᠪᠠᠷ ᠡᠭᠦᠷᠭᠡ ᠪᠠᠨ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠵᠢᠴᠢ ᠰᠢᠶᠠᠩ ᠪᠠᠯᠭᠠᠰᠤᠨ ᠤ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |