ᠯᠢᠶᠠᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︵2022 ᠣᠨ︶ ᠤᠨ 21 ᠳ᠋ᠦ᠋ᠭᠡᠷ ᠲᠣᠭᠠᠲᠤ ᠠᠯᠪᠠᠨ ᠵᠠᠷ
ᠨᠡᠶᠢᠲᠡᠯᠡᠭᠰᠡᠨ ᠴᠠᠭ᠄
2022/5/27
 ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠣᠲᠣ ᠮᠠᠨ ᠤ ᠰᠢᠶᠠᠨ ᠤ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠥᠳᠡᠯᠦᠩᠭᠦᠶ ᠪᠠᠷ ᠳᠣᠤᠷᠠᠬᠢ ᠮᠡᠲᠦ ᠳᠣᠭᠢᠷᠠᠭᠤᠯᠤᠶ᠎ᠠ᠄    ᠨᠢᠭᠡ᠂ ᠤᠯᠠᠭᠠᠨᠴᠠᠪ ᠬᠤᠲᠠ ᠠᠴᠠ ᠪᠤᠰᠤᠳ ᠭᠠᠵᠠᠷ ᠣᠷᠣᠨ ᠠᠴᠠ ᠮᠠᠨ ᠤ ᠰᠢᠶᠠᠨ ᠳᠤ ᠪᠤᠴᠠᠵᠤ ᠢᠷᠡᠭᠰᠡᠨ ᠪᠣᠶ ᠪᠥᠬᠦᠶ ᠬᠥᠮᠦᠰ ᠡᠷᠬᠡᠪᠰᠢ ᠸᠢᠴᠠᠲ ᠢᠶᠠᠷ ︽ ᠤᠯᠠᠭᠠᠨᠴᠠᠪ ᠳᠤ ᠪᠤᠴᠠᠵᠤ ᠢᠷᠡᠭᠰᠡᠨ ᠬᠥᠮᠦᠰ ᠢ ᠮᠡᠳᠡᠭᠦᠯᠦᠨ ᠳᠠᠩᠰᠠᠯᠠᠭᠤᠯᠬᠤ︾ ᠵᠢᠵᠢᠭ ᠲᠠᠰ ᠳᠠᠷᠠᠭᠠᠯᠠᠯ ᠢ ᠡᠷᠢᠵᠦ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠂ ᠮᠠᠨ ᠤ ᠰᠢᠶᠠᠨ ᠳᠤ ᠬᠥᠷᠬᠦ ᠦᠶ᠎ᠡ ᠳᠤ ᠡᠷᠬᠡᠪᠰᠢ 24 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ᠂ ᠬᠠᠮᠤᠭ ᠤᠨ ᠲᠡᠷᠢᠭᠦᠨ ᠳᠤ ᠵᠣᠷᠢᠭᠰᠠᠨ ᠭᠠᠵᠠᠷ ᠤᠨ ᠨᠡᠶᠢᠭᠡᠮ ᠲᠣᠭᠤᠷᠢᠭ ︵ᠲᠣᠰᠬᠤᠨ︶ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠡᠯ᠎ᠡ  ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃    ᠬᠤᠶᠠᠷ᠂ ᠪᠡᠭᠡᠵᠢᠩ ᠬᠤᠲᠠ᠂ ᠱᠠᠩᠬᠠᠶ ᠬᠤᠲᠠ ᠵᠡᠷᠭᠡ ᠬᠢᠵᠢᠭ ᠤᠨ ᠪᠠᠶᠢᠳᠠᠯ ᠤᠨ ᠭᠤᠤᠯᠳᠠᠯᠭ᠎ᠠ ᠲᠠᠢ ᠭᠠᠵᠠᠷ ᠣᠷᠣᠨ ︵ᠬᠥᠳᠡᠯᠦᠩᠭᠦᠶ ᠪᠠᠷ ᠲᠣᠬᠢᠷᠠᠭᠤᠯᠤᠯᠲᠠ ᠬᠢᠪᠠ︶ ᠠᠴᠠ ᠮᠠᠨ ᠤ ᠰᠢᠶᠠᠨ ᠳᠤ ᠪᠤᠴᠠᠵᠤ ᠢᠷᠡᠭᠰᠡᠨ ᠬᠥᠮᠦᠰ ︵ᠥᠩᠭᠡᠷᠡᠬᠦ ᠵᠠᠮ ᠪᠠᠭᠲᠠᠨ᠎ᠠ︶ ᠢ ᠴᠢᠩᠭ᠎ᠠ ᠬᠡᠷᠡᠭᠵᠢᠭᠦᠯᠦᠨ᠎ᠡ᠄ 14 ᠡᠳᠦᠷ ᠤᠨ ᠳᠣᠲᠣᠷ᠎ᠠ ᠲᠥᠪᠯᠡᠷᠡᠭᠦᠯᠦᠨ ᠲᠤᠰᠠᠭᠠᠷᠯᠠᠬᠤ + 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ ᠬᠡᠷᠡᠭᠵᠢᠭᠦᠯᠦᠨ᠎ᠡ︔ ᠲᠥᠪᠯᠡᠷᠡᠭᠦᠯᠦᠨ ᠲᠤᠰᠠᠭᠠᠷᠯᠠᠬᠤ ᠳᠤ 2᠂ 4᠂ 7᠂ 10᠂ 14 ᠳ᠋ᠦᠭᠡᠷ ᠡᠳᠦᠷ ᠲᠤ 5 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7 ᠳ᠋ᠤᠭᠠᠷ ᠡᠳᠦᠷ ᠲᠤ 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ ᠂ ᠲᠥᠪᠯᠡᠷᠡᠭᠦᠯᠦᠨ ᠲᠤᠰᠠᠭᠠᠷᠯᠠᠬᠤ ᠳᠤ 14 ᠳ᠋ᠦᠭᠡᠷ ᠡᠳᠦᠷ ᠲᠤ ᠬᠤᠶᠠᠷ ᠢ ᠲᠡᠭᠦᠵᠦ ᠬᠤᠶᠠᠷ ᠢ ᠪᠠᠶᠢᠴᠠᠭᠠᠬᠤ ᠠᠷᠭ᠎ᠠ ᠮᠠᠶ᠋ᠢᠭ ᠢᠶᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ᠃    ᠭᠤᠷᠪᠠ᠂ ᠡᠭᠦᠨ ᠤ ᠳᠤᠮᠳᠠ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠪᠠᠶᠢᠭ᠎ᠠ ᠭᠠᠵᠠᠷ ᠤᠨ ᠬᠤᠲᠠ ᠠᠴᠠ ᠮᠠᠨ ᠤ ᠰᠢᠶᠠᠨ ᠳᠤ ᠪᠤᠴᠠᠵᠤ ᠢᠷᠡᠭᠰᠡᠨ ᠬᠥᠮᠦᠰ ︵ᠥᠩᠭᠡᠷᠡᠬᠦ ᠵᠠᠮ ᠪᠠᠭᠲᠠᠨ᠎ᠠ︶ ᠢ ᠴᠢᠩᠭ᠎ᠠ ᠬᠡᠷᠡᠭᠵᠢᠭᠦᠯᠦᠨ᠎ᠡ᠄ 14 ᠡᠳᠦᠷ ᠤᠨ ᠳᠣᠲᠣᠷ᠎ᠠ ᠲᠥᠪᠯᠡᠷᠡᠭᠦᠯᠦᠨ ᠲᠤᠰᠠᠭᠠᠷᠯᠠᠬᠤ + 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠬᠡᠷᠡᠭᠵᠢᠭᠦᠯᠦᠨ᠎ᠡ︔ ᠲᠥᠪᠯᠡᠷᠡᠭᠦᠯᠦᠨ ᠲᠤᠰᠠᠭᠠᠷᠯᠠᠬᠤ ᠳᠤ 2᠂ 4᠂ 7᠂ 10᠂ 14 ᠳ᠋ᠦᠭᠡᠷ ᠡᠳᠦᠷ ᠲᠤ 5 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7 ᠳ᠋ᠤᠭᠠᠷ ᠡᠳᠦᠷ ᠲᠤ 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠲᠥᠪᠯᠡᠷᠡᠭᠦᠯᠦᠨ ᠲᠤᠰᠠᠭᠠᠷᠯᠠᠬᠤ ᠳᠤ 14 ᠳ᠋ᠦᠭᠡᠷ ᠡᠳᠦᠷ ᠲᠤ ᠬᠤᠶᠠᠷ ᠢ ᠲᠡᠭᠦᠵᠦ ᠬᠤᠶᠠᠷ ᠢ ᠪᠠᠶᠢᠴᠠᠭᠠᠬᠤ ᠠᠷᠭ᠎ᠠ ᠮᠠᠶ᠋ᠢᠭ ᠢᠶᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ    ᠳᠥᠷᠪᠡ᠂ ᠣᠶᠢᠷ᠎ᠠ ᠶᠢᠨ 14 ᠡᠳᠦᠷ ᠤᠨ ᠳᠣᠲᠣᠷ᠎ᠠ ᠰᠢᠨ᠎ᠡ ᠪᠠᠷ ᠨᠡᠮᠡᠭᠳᠡᠭᠰᠡᠨ ᠲᠣᠰ ᠭᠠᠵᠠᠷ ᠣᠷᠣᠨ ᠤ ᠰᠢᠨ᠎ᠡ ᠪᠠᠷ ᠬᠠᠯᠳᠠᠭᠰᠠᠳ ᠤᠨ ᠲᠤᠰᠬᠠᠶ ᠣᠷᠣᠨ ᠬᠤᠲᠠ ︵ᠲᠦᠭᠰᠢᠭᠦᠷᠢ ᠶᠢᠨ ᠲᠠᠰ ᠢ ᠨᠢ ᠳᠡᠭᠡᠭᠰᠢᠯᠡᠭᠦᠯᠦᠭᠰᠡᠨ ᠥᠬᠡᠶ︶ ᠠᠴᠠ ᠮᠠᠨ ᠤ ᠰᠢᠶᠠᠨ ᠳᠤ ᠪᠤᠴᠠᠵᠤ ᠢᠷᠡᠭᠰᠡᠨ ᠬᠥᠮᠦᠰ ︵ᠵᠠᠮ ᠤᠨ ᠥᠩᠭᠡᠷᠡᠯᠲᠡ ᠶᠢ ᠪᠠᠭᠲᠠᠭᠠᠨ᠎ᠠ︶ ᠢ ᠴᠢᠩᠭ᠎ᠠ ᠬᠡᠷᠡᠭᠵᠢᠭᠦᠯᠦᠨ᠎ᠡ᠄ 7 ᠡᠳᠦᠷ ᠤᠨ ᠳᠣᠲᠣᠷ᠎ᠠ ᠬᠡᠷ ᠲᠤᠨᠢ ᠲᠤᠰᠠᠭᠠᠷᠯᠠᠨ᠎ᠠ︔ ᠬᠡᠷ ᠲᠡᠭᠡᠨ ᠲᠤᠰᠠᠭᠠᠷᠯᠠᠭᠰᠠᠨ ᠤ 2᠂ 4᠂ 7 ᠳ᠋ᠤᠭᠠᠷ ᠡᠳᠦᠷ ᠲᠤ 3 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠲᠡᠭᠡᠨ ᠲᠤᠰᠠᠭᠠᠷᠯᠠᠭᠰᠠᠨ ᠤ 7 ᠳ᠋ᠤᠭᠠᠷ ᠡᠳᠦᠷ ᠲᠤ ᠬᠤᠶᠠᠷ ᠢ ᠲᠡᠭᠦᠵᠦ ᠬᠤᠶᠠᠷ ᠢ ᠪᠠᠶᠢᠴᠠᠭᠠᠬᠤ ᠠᠷᠭ᠎ᠠ ᠮᠠᠶ᠋ᠢᠭ ᠢᠶᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ᠃ ᠬᠡᠷ ᠲᠤᠨᠢ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠥᠬᠡᠶ ᠬᠥᠮᠦᠰ ᠲᠤ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ᠲᠠᠪᠤ᠂ ᠣᠶᠢᠷ᠎ᠠ ᠶᠢᠨ 14 ᠡᠳᠦᠷ ᠤᠨ ᠳᠣᠲᠣᠷ᠎ᠠ ᠲᠣᠰ ᠨᠤᠲᠤᠭ ᠤᠨ ᠰᠢᠨ᠎ᠡ ᠲᠢᠲᠢᠮ ᠲᠠᠢ ᠬᠠᠯᠳᠠᠪᠤᠷᠢᠯᠠᠭᠴᠢ ᠰᠢᠨ᠎ᠡ ᠪᠠᠷ ᠨᠡᠮᠡᠭᠳᠡᠭᠰᠡᠨ ᠥᠬᠡᠶ ᠲᠤᠰᠬᠠᠶ ᠣᠷᠣᠨ ᠬᠤᠲᠠ ᠠᠴᠠ ᠮᠠᠨ ᠤ ᠰᠢᠶᠠᠨ ᠳᠤ ᠪᠤᠴᠠᠵᠤ ᠢᠷᠡᠭᠰᠡᠨ ᠬᠥᠮᠦᠰ᠂ ᠮᠠᠨ ᠤ ᠰᠢᠶᠠᠨ ᠳᠤ ᠬᠥᠷᠬᠦ ᠦᠶ᠎ᠡ ᠳᠤ ᠡᠷᠬᠡᠪᠰᠢ 24 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ᠂ ᠮᠠᠨ ᠤ ᠰᠢᠶᠠᠨ ᠳᠤ ᠭᠦᠷᠦᠭᠰᠡᠨ ᠤ ᠳᠠᠷᠠᠭ᠎ᠠ 48 ᠴᠠᠭ ᠤᠨ ᠳᠣᠲᠣᠷ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠵᠤ᠂ 7 ᠡᠳᠦᠷ ᠤᠨ ᠳᠣᠲᠣᠷ᠎ᠠ ᠬᠠᠮᠲᠤ ᠬᠤᠭᠤᠯᠠᠯᠠᠬᠤ ᠥᠬᠡᠶ᠂ ᠴᠤᠭᠯᠠᠬᠤ ᠥᠬᠡᠶ᠂ ᠬᠥᠮᠦᠨ ᠣᠯᠠᠨ ᠴᠤᠭᠯᠠᠷᠠᠬᠤ ᠲᠠᠯᠠᠪᠤᠷ ᠲᠤ ᠣᠴᠢᠬᠤ ᠥᠬᠡᠶ ᠪᠠᠶᠢᠬᠤ ᠬᠡᠷᠡᠭᠲᠡᠶ᠃    ᠵᠢᠷᠭᠤᠭ᠎ᠠ᠂ ᠴᠢᠬᠤᠯᠠ ᠪᠥᠬᠦᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠰᠢᠮᠳᠠᠭᠤᠯᠤᠨ ᠪᠠᠶᠢᠴᠠᠭᠠᠬᠤ᠂ ᠴᠢᠬᠤᠯᠠ ᠶᠡᠭᠡ ᠠᠵᠢᠯᠯᠠᠭ᠎ᠠ ᠬᠢᠬᠦ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠡᠷᠭᠡ ᠠᠴᠠ ᠪᠣᠯᠵᠣ ᠤᠯᠠᠭᠠᠨᠴᠠᠪ ᠬᠤᠲᠠ ᠠᠴᠠ ᠪᠤᠰᠤᠳ ᠭᠠᠵᠠᠷ ᠣᠷᠣᠨ ᠠᠴᠠ ᠮᠠᠨ ᠤ ᠰᠢᠶᠠᠨ ᠳᠤ ᠪᠤᠴᠠᠵᠤ ᠢᠷᠡᠬᠦ ᠬᠥᠮᠦᠰ ᠦᠨᠡᠨᠬᠦ ᠴᠢᠬᠤᠯᠠᠲᠠᠶ ᠪᠠᠶᠢᠪᠠᠯ᠂ ᠬᠠᠷᠢᠭᠤᠴᠠᠯᠭᠠᠲᠤ ᠨᠢᠭᠡᠴᠡ ᠠᠴᠠ ᠰᠤᠳᠤᠯᠤᠨ ᠮᠠᠭᠠᠳᠯᠠᠬᠤ ᠶᠢᠨ ᠬᠠᠮᠲᠤ ︵ᠳᠠᠭᠠᠯᠳᠤᠭᠤᠯᠤᠯ ᠢᠶᠠᠷ ᠯᠠᠪᠯᠠᠯᠲᠠ ᠪᠣᠯᠭᠠᠨ᠎ᠠ︶ ᠵᠥᠪᠰᠢᠶᠡᠷᠡᠬᠦ ᠶᠢᠨ ᠬᠠᠮᠲᠤ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ᠂ ᠳᠣᠤᠷᠠᠬᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢᠨ ᠶᠣᠰᠣᠭᠠᠷ ᠬᠡᠷᠡᠭᠵᠢᠭᠦᠯᠵᠦ ᠪᠣᠯᠤᠨ᠎ᠠ᠄ 1. ᠮᠠᠨ ᠤ ᠰᠢᠶᠠᠨ ᠳᠤ ᠬᠥᠷᠬᠦ ᠦᠶ᠎ᠡ ᠳᠤ 24 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠨ᠎ᠠ︔ 2 ᠮᠠᠨ ᠤ ᠰᠢᠶᠠᠨ ᠳᠤ ᠬᠦᠷᠦᠭᠰᠡᠨ ᠤ ᠳᠠᠷᠠᠭᠠᠬᠢ 48 ᠴᠠᠭ ᠤᠨ ᠳᠣᠲᠣᠷ᠎ᠠ ᠨᠢᠭᠡ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︔ 3. ᠮᠠᠨ ᠤ ᠰᠢᠶᠠᠨ ᠠᠴᠠ ᠰᠠᠯᠬᠤ ᠠᠴᠠ ᠡᠮᠦᠨ᠎ᠡ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ ︵ᠮᠠᠨ ᠤ ᠰᠢᠶᠠᠨ ᠳᠤ 48 ᠴᠠᠭ ᠪᠣᠯᠤᠭᠰᠠᠨ ᠥᠬᠡᠶ ᠪᠣᠯ ᠬᠢᠬᠦ ᠥᠬᠡᠶ ᠪᠠᠶᠢᠵᠤ ᠪᠣᠯᠤᠨ᠎ᠠ︶᠂ ᠡᠨᠡ ᠬᠤᠭᠤᠴᠠᠭᠠᠨ ᠳᠤ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠨ᠎ᠠ᠃    ᠳᠣᠯᠤᠭ᠎ᠠ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠪᠠ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠠᠯᠪᠠᠨ ᠵᠠᠷ ᠢ ᠨᠢᠭᠲᠠ ᠠᠩᠬᠠᠷᠴᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠬᠢᠨᠠᠮᠠᠭᠠᠶ ᠰᠠᠶᠢᠲᠤᠷ ᠬᠢᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠤᠶᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠬᠤ ᠶᠢ ᠬᠦᠰᠡᠵᠦ ᠪᠠᠶᠢᠨ᠎ᠠ᠃ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃    ᠲᠣᠰ ᠠᠯᠪᠠᠨ ᠵᠠᠷ ᠲᠤ ᠬᠤᠯᠪᠣᠭᠳᠠᠬᠤ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠪᠠ᠃              ᠯᠢᠶᠠᠩᠴᠧᠩ ᠰᠢᠶᠠᠨ ᠤ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ                  ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                       2022 ᠣᠨ ᠤ 5 ᠰᠠᠷ᠎ᠠ ᠶᠢᠨ 19  ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2