ᠾᠦᠢ ᠵᠢᠶᠦ᠋ᠨ ᠮᠠᠯ ᠠᠵᠤ ᠠᠬᠤᠶ᠄ ᠲᠠᠬᠢᠶᠠᠨ ᠥᠨᠳᠡᠭᠡ     ᠲᠣᠮᠣ ᠵᠠᠬ᠎ᠠ ᠳᠡᠯᠭᠡᠭᠦᠷ
ᠨᠡᠶᠢᠲᠡᠯᠡᠭᠰᠡᠨ ᠴᠠᠭ᠄
2022/5/27
    ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠪᠠᠷᠠᠭᠤᠨ ᠲᠣᠭᠤᠷᠢᠭ ᠤᠨ ᠯᠢᠦ ᠵᠢᠶᠠ ᠶᠣᠣ ᠲᠣᠰᠬᠤᠨ ᠤ ᠬᠤᠢ ᠵᠢᠶᠦ᠋ᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠳᠤ ᠪᠠᠶᠢᠷᠢᠯᠠᠵᠤ᠂ ᠤᠢᠢᠷ᠎ᠠ ᠶᠢᠨ ᠵᠢᠯ ᠤᠨ ᠲᠤᠷᠰᠢ ᠮᠡᠷᠭᠡᠵᠢᠯ ᠤᠨ ᠲᠥᠬᠦᠭᠡᠷᠦᠮᠵᠢ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ ᠪᠠ  ᠬᠡᠯᠬᠢᠶ᠎ᠡ ᠪᠠᠨ ᠥᠷᠭᠡᠳᠬᠡᠵᠦ᠂ ᠣᠳᠣᠬᠢᠴᠢᠯᠠᠭᠰᠠᠨ᠂ ᠠᠦ᠋ᠲ᠋ᠣᠴᠢᠯᠠᠭᠰᠠᠨ ᠲᠠᠬᠢᠶ᠎ᠠ ᠲᠡᠵᠢᠭᠡᠬᠦ ᠪᠠᠷ ᠲᠤᠯᠭᠠᠭᠤᠷᠢᠯᠠᠯ ᠪᠣᠯᠭᠠᠵᠤ᠂ ᠣᠷᠭᠠᠨᠢᠭ ᠪᠤᠷᠳᠤᠭᠤᠷ ᠢ ᠡᠳ᠋ᠰᠢᠭᠦᠯᠦᠨ ᠦᠢᠯᠡᠳᠪᠦᠷᠢᠯᠡᠬᠦ ᠶᠢ ᠠᠯᠬᠤᠮ ᠠᠯᠬᠤᠮ ᠢᠶᠠᠷ ᠥᠷᠭᠡᠳᠬᠡᠵᠦ᠂ ᠠᠵᠤ ᠦᠢᠯᠡᠰ ᠢ ᠪᠤᠵᠠᠭᠠᠶᠢᠷᠠᠭᠤᠯᠤᠭᠰᠠᠨ ᠪᠥᠭᠡᠳ ᠠᠵᠢᠯ ᠣᠯᠭᠤᠯᠲᠠ ᠶᠢ ᠠᠬᠢᠭᠤᠯᠵᠤ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠡᠢ᠃  
       ᠯᠢᠶᠠᠩᠴᠧᠩ ᠰᠢᠶᠠᠨ ᠤ ᠾᠦᠢ ᠵᠢᠶᠦ᠋ᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠡᠵᠢᠭᠡᠨ ᠦᠷᠡᠵᠢᠭᠦᠯᠬᠦ ᠲᠠᠯᠠᠪᠠᠶ ᠳᠤ ᠣᠷᠣᠬᠤ ᠳᠤ᠂ ᠡᠶᠢᠮᠦ ᠲᠣᠮᠣ ᠲᠠᠬᠢᠶᠠᠨ ᠡᠭᠦᠷ ᠨᠢ ᠡᠮᠬᠢ ᠵᠠᠮᠪᠠᠷᠠᠭ᠎ᠠ ᠲᠠᠢ᠂ ᠴᠡᠪᠡᠷ ᠴᠡᠮᠴᠡᠭᠡᠷ᠂ ᠠᠷᠢᠭᠤᠨ ᠴᠡᠪᠡᠷ ᠣᠷᠴᠢᠨ ᠲᠣᠭᠤᠷᠢᠨ ᠳᠤ ᠬᠠᠷᠠᠭᠳᠠᠨ᠎ᠠ᠂ 6 ᠲᠦᠮᠡ ᠭᠠᠷᠤᠶ ᠥᠨᠳᠡᠭᠡᠨ ᠲᠠᠬᠢᠶ᠎ᠠ ᠨᠢᠭᠡ ᠡᠳᠦᠷ ᠤᠨ ᠥᠨᠳᠡᠭᠡᠯᠡᠬᠦ ︽ᠠᠵᠢᠯ︾ ᠬᠢᠵᠦ ᠪᠠᠶᠢᠬᠤ ᠶᠢ ᠣᠯᠵᠤ ᠬᠠᠷᠠᠨ᠎ᠠ᠃ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠬᠠᠵᠠᠭᠤ ᠳᠠᠬᠢ ᠣᠶᠤᠨᠴᠢ ᠡᠵᠡᠮᠰᠢᠯ ᠤᠨ ᠬᠠᠶᠢᠷᠴᠠᠭ ᠤᠨ ᠬᠠᠪᠲᠠᠰᠤᠨ ᠳᠡᠭᠡᠷ᠎ᠡ ᠲᠡᠵᠢᠭᠡᠯ ᠪᠣᠷᠳᠤᠭ᠎ᠠ᠂ ᠤᠰᠤ ᠤᠮᠳᠠ᠂ ᠣᠷᠴᠢᠨ ᠲᠣᠭᠤᠷᠢᠨ ᠤ ᠡᠵᠡᠮᠳᠡᠯ᠂ ᠥᠨᠳᠡᠭᠡ ᠴᠤᠭᠯᠠᠭᠤᠯᠬᠤ᠂ ᠪᠠᠭᠠᠰᠤ ᠴᠡᠪᠡᠷᠯᠡᠬᠦ ᠵᠡᠷᠭᠡ ᠥᠰᠥᠭ ᠤᠨ ᠴᠢᠳᠠᠮᠵᠢ ᠶᠢᠨ ᠲᠣᠪᠴᠢᠯᠠᠭᠤᠷ ᠬᠠᠳᠠᠵᠤ ᠪᠠᠶᠢᠳᠠᠭ᠂ ᠬᠥᠩᠭᠡᠨ ᠰᠢᠭ ᠪᠣᠯ ᠠᠶᠠᠨᠳᠠᠭᠠᠨ ᠲᠡᠵᠢᠭᠡᠬᠦ᠂ ᠥᠨᠳᠡᠭᠡ ᠲᠡᠭᠦᠬᠦ᠂ ᠪᠠᠭᠠᠰᠤ ᠴᠡᠪᠡᠷᠯᠡᠬᠦ ᠶᠢ ᠪᠡᠶᠡᠯᠡᠭᠦᠯᠵᠦ ᠴᠢᠳᠠᠬᠤ ᠮᠥᠷᠲᠡᠭᠡᠨ ᠪᠠᠰᠠ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠬᠡᠷᠡᠯ ᠤᠨ ᠲᠤᠰᠤᠯᠲᠠ ᠶᠢ ᠤᠶᠤᠨᠴᠢᠯᠠᠨ ᠡᠵᠡᠮᠳᠡᠵᠦ ᠴᠢᠳᠠᠨ᠎ᠠ᠂ ᠡᠶᠢᠮᠦᠷᠬᠦ ᠪᠦᠷᠢᠨ ᠠᠦ᠋ᠲ᠋ᠣᠴᠢᠯᠠᠭᠰᠠᠨ ᠥᠨᠳᠡᠭᠡᠨ ᠲᠠᠬᠢᠶ᠎ᠠ ᠶᠢ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠨᠢ ᠬᠥᠮᠦᠰ ᠤᠨ ᠨᠢᠳᠦᠨ ᠳᠤ ᠲᠣᠳᠣᠬᠠᠨ ᠬᠠᠷᠠᠭᠳᠠᠨ᠎ᠠ᠃  ︽ᠡᠳᠡᠭᠡᠷ ᠥᠨᠳᠡᠭᠡᠨ ᠲᠠᠬᠢᠶ᠎ᠠ ᠶᠢ ᠢᠳᠡᠵᠦ ᠤᠤᠭᠤᠬᠤ᠂ ᠲᠠᠲᠠᠵᠤ ᠰᠠᠴᠤᠬᠤ ᠶᠢ ᠪᠦᠷ ᠡᠷᠬᠡᠰᠢᠶᠡᠵᠦ ᠴᠢᠳᠠᠳᠠᠭ ᠪᠣᠯᠬᠤᠷ ᠬᠡᠪ ᠤᠨ ᠪᠤᠰᠤ ᠪᠠᠶᠢᠳᠠᠯ ᠭᠠᠷᠪᠠᠯ ᠴᠠᠭᠳᠠᠭ᠎ᠠ ᠳᠤ ᠮᠡᠳᠡᠭᠦᠯᠬᠦ ᠪᠣᠯᠤᠨ᠎ᠠ᠂ ᠡᠨᠡ ᠨᠢ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠶᠢ ᠪᠤᠳᠤᠪᠠᠯ ᠂ ᠡᠨᠡ ᠨᠢ ᠠᠵᠢᠯᠴᠢᠳ ᠤᠨ ᠲᠠᠬᠢᠶᠠᠨ ᠤ ᠲᠠᠯᠠᠪᠠᠶ ᠳᠤ ᠪᠠᠶᠢᠨ ᠳᠠᠬᠢᠨ ᠣᠷᠣᠵᠤ ᠲᠠᠬᠢᠶ᠎ᠠ ᠲᠠᠢ ᠣᠶᠢᠷᠠᠳᠬᠤ ᠶᠢ ᠶᠡᠬᠡᠬᠡᠨ ᠬᠡᠮᠵᠢᠶᠡᠨ᠎ᠡ ᠪᠠᠭᠠᠰᠬᠠᠵᠤ᠂ ᠡᠪᠡᠳᠴᠢᠨ ᠤ ᠪᠠᠺᠲ᠋ᠧᠷᠢ ᠠᠪᠴᠤ ᠣᠷᠣᠬᠤ ᠶᠢ ᠶᠡᠭᠡ ᠪᠠᠷ ᠪᠠᠭᠠᠰᠬᠠᠵᠤ᠂ ᠥᠨᠳᠡᠭᠡᠨ ᠲᠠᠬᠢᠶ᠎ᠠ ᠶᠢᠨ ᠥᠨᠳᠡᠭᠡᠯᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠥᠨᠳᠡᠭᠡᠨ ᠲᠠᠬᠢᠶ᠎ᠠ ᠶᠢᠨ ᠡᠪᠡᠳᠴᠢᠯᠡᠬᠦ ᠨᠣᠷᠮ᠎ᠠ ᠶᠢ ᠴᠤ ᠪᠠᠭᠠᠰᠬᠠᠳᠠᠭ︾᠃ ᠭᠡᠵᠦ ᠬᠤᠢ ᠵᠢᠶᠦ᠋ᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠧᠨ ᠯᠢ ᠹᠠᠩ ᠰᠤᠷᠪᠤᠯᠵᠢᠯᠠᠭᠴᠢ ᠳᠤ ᠬᠡᠯᠡᠪᠡ᠃
     ᠥᠨᠳᠡᠭᠡ ᠲᠡᠭᠦᠬᠦ ᠲᠠᠰᠤᠭ ᠲᠤ᠂ ᠨᠢᠭᠡ ᠥᠨᠳᠡᠭᠡ ᠳᠠᠮᠵᠢᠭᠤᠯᠬᠤ ᠪᠦᠰᠡ ᠪᠠᠷ ᠳᠠᠮᠵᠢᠵᠤ᠂ ᠥᠨᠳᠡᠭᠡ ᠲᠡᠭᠦᠬᠦ ᠲᠠᠪᠴᠠᠩ ᠳᠤ ᠠᠭᠠᠵᠢᠮ ᠢᠶᠠᠷ ᠥᠩᠬᠦᠷᠢᠳᠦᠨ ᠤᠨᠠᠵᠤ᠂ ᠠᠵᠢᠯᠴᠢᠳ ᠪᠣᠯᠪᠠᠰᠤᠷᠠᠩᠭᠤᠶ ᠪᠠᠷ ᠥᠨᠳᠡᠭᠡ ᠶᠢ ᠢᠯᠭᠠᠵᠤ᠂ ᠥᠨᠳᠡᠭᠡ ᠶᠢᠨ ᠲᠣᠰᠬᠤᠭᠤᠷ ᠲᠤ ᠬᠢᠵᠦ ᠤᠷᠤᠭᠤᠯᠳᠠᠭ ᠪᠠᠶᠢᠬᠤ ᠶᠢ ᠣᠯᠵᠤ ᠬᠠᠷᠠᠪᠠ᠃ ᠡᠭᠦᠨ ᠤ ᠳᠣᠲᠣᠷ᠎ᠠ ᠥᠨᠳᠡᠭᠡ ᠲᠡᠭᠦᠵᠦ ᠪᠠᠶᠢᠭ᠎ᠠ ᠠᠵᠢᠯᠴᠢᠨ  ᠰᠦ᠋ ᠰᠢ ᠥᠨᠳᠡᠭᠡ ᠲᠡᠭᠦᠬᠦ ᠶᠢᠨ ᠳᠠᠭᠠᠤ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠮᠠᠨ ᠤ ᠠᠳᠡᠬᠢ ᠠᠵᠢᠯᠲᠠᠳ ᠤᠨ ᠣᠯᠠᠩᠬᠢ ᠨᠢ ᠡᠷᠬᠢᠨ ᠲᠣᠭᠤᠷᠢᠨ ᠤ ᠲᠣᠰᠬᠤᠨ ᠠᠴᠠ ᠢᠷᠡᠭᠰᠡᠨ ᠶᠤᠮ᠂ ᠰᠠᠷ᠎ᠠ ᠳᠤ 2500 ᠠᠴᠠ 2600 ᠣᠷᠴᠢᠮ ᠵᠣᠭᠤᠰ ᠣᠯᠤᠨ᠎ᠠ᠂ ᠵᠠᠩᠭᠤᠶᠢᠳᠠ ᠪᠢᠳᠡᠨ ᠳᠤ ᠶᠡᠭᠡ ᠰᠠᠶᠢᠨ ᠪᠠᠶᠢᠨ᠎ᠠ᠂ ᠪᠢᠳᠡ ᠤᠷᠳᠤ ᠬᠤᠭᠤᠴᠠᠭ᠎ᠠ ᠪᠠᠷ ᠠᠵᠢᠯᠯᠠᠬᠤ ᠪᠠᠷ ᠪᠡᠯᠡᠳᠬᠡᠵᠦ ᠪᠠᠶᠢᠨ᠎ᠠ ᠰᠢᠤ︕︾ ᠭᠡᠵᠦ ᠬᠡᠯᠡᠵᠡᠶ᠃ ᠭᠡᠵᠦ ᠬᠡᠯᠡᠵᠡᠶ᠃ ᠡᠨᠡ ᠦᠶ᠎ᠡ ᠳᠤ ᠶᠠᠭ ᠥᠨᠳᠡᠭᠡ ᠲᠡᠭᠦᠵᠦ ᠪᠠᠶᠢᠭ᠎ᠠ ᠠᠵᠢᠯᠴᠢᠨ  ᠰᠦ᠋ ᠰᠢ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠮᠠᠨ ᠤ ᠠᠳᠡᠬᠢ ᠠᠵᠢᠯᠲᠠᠳ ᠤᠨ ᠣᠯᠠᠩᠬᠢ ᠨᠢ ᠡᠷᠬᠢᠨ ᠲᠣᠭᠤᠷᠢᠨ ᠤ ᠲᠣᠰᠬᠤᠨ ᠠᠴᠠ ᠢᠷᠡᠵᠤ ᠪᠠᠶᠢᠨ᠎ᠠ᠂ ᠨᠢᠭᠡ ᠰᠠᠷ᠎ᠠ ᠳᠤ 2500 ᠠᠴᠠ 2600 ᠣᠷᠴᠢᠮ ᠵᠣᠭᠤᠰ ᠣᠯᠤᠨ᠎ᠠ᠃      ᠣᠶᠢᠯᠠᠭᠠᠭᠰᠠᠨ ᠢᠶᠠᠷ᠂ ᠲᠣᠰ ᠺᠣᠮᠫᠠᠨᠢ ᠶᠢᠨ ᠶᠡᠷᠦᠩᠬᠡᠶ ᠲᠠᠯᠠᠪᠠᠶ ᠨᠢ 40 ᠭᠠᠷᠤᠶ ᠮᠥ ᠪᠠᠶᠢᠵᠤ᠂ ᠨᠡᠶᠢᠲᠡ 1000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠠᠷᠢᠮᠵᠢᠶᠠᠵᠢᠭᠤᠯᠤᠭᠰᠠᠨ ᠲᠠᠬᠢᠶᠠᠨ ᠤ ᠡᠭᠦᠷ 2880 ᠲᠡᠭᠰᠢ ᠳᠥᠷᠪᠡᠯᠵᠢᠨ ᠮᠧᠲᠷ᠂ ᠰᠢᠨ᠎ᠡ ᠥᠨᠳᠡᠭᠡ ᠬᠠᠳᠠᠭᠠᠯᠠᠬᠤ ᠬᠥᠮᠥᠷᠭᠡ 310 ᠲᠡᠭᠰᠢ ᠳᠥᠷᠪᠡᠯᠵᠢᠨ ᠮᠧᠲᠷ᠂ ᠠᠵᠢᠯᠯᠠᠬᠤ ᠲᠣᠭᠤᠷᠢᠭ 300 ᠲᠡᠭᠰᠢ ᠳᠥᠷᠪᠡᠯᠵᠢᠨ ᠮᠧᠲᠷ᠂ ᠲᠡᠵᠢᠭᠡᠵᠦ ᠪᠠᠶᠢᠭ᠎ᠠ ᠥᠨᠳᠡᠭᠡᠨ ᠲᠠᠬᠢᠶ᠎ᠠ 6 ᠲᠦᠮᠡ ᠭᠠᠷᠤᠶ ᠥᠲᠥ᠂ ᠵᠢᠯ ᠳᠤ 1100 ᠭᠠᠷᠤᠶ ᠲᠣᠨ ᠥᠨᠳᠡᠭᠡᠯᠡᠬᠦ ᠪᠣᠯᠤᠨ᠎ᠠ᠃ ᠲᠠᠬᠢᠶᠠᠨ ᠥᠨᠳᠡᠭᠡ ᠶᠢ ᠭᠤᠤᠯᠳᠠᠭᠤ ᠬᠥᠬᠡᠬᠤᠲᠠ ᠶᠢᠨ ᠢᠳᠡᠭᠡᠨ ᠤ ᠺᠣᠮᠫᠠᠨᠢ᠂ ᠵᠣᠴᠢᠳ ᠤᠨ ᠪᠠᠭᠤᠳᠠᠯ᠂ ᠡᠯ᠎ᠡ ᠶᠡᠭᠡ ᠳᠡᠭᠡᠳᠦ ᠰᠤᠷᠭᠠᠭᠤᠯᠢ᠂ ᠬᠡᠲᠦ ᠳᠡᠯᠭᠡᠭᠦᠷ ᠵᠢᠴᠢ ᠲᠣᠰ ᠰᠢᠶᠠᠨ ᠤ ᠬᠡᠰᠡᠭ ᠬᠡᠲᠦ ᠳᠡᠯᠭᠡᠭᠦᠷ᠂ ᠰᠤᠷᠭᠠᠭᠤᠯᠢ ᠵᠡᠷᠭᠡ ᠳᠤ ᠪᠣᠷᠣᠯᠠᠭᠤᠯᠬᠤ ᠶᠢᠨ ᠬᠠᠮᠲᠤ ᠪᠠᠰᠠ ᠵᠢᠯ ᠳᠤ 100 ᠭᠠᠷᠤᠶ ᠲᠣᠨ ᠲᠠᠬᠢᠶᠠᠨ ᠮᠢᠬ᠎ᠠ ᠦᠶ᠋ᠯᠡᠳᠪᠦᠷᠢᠯᠡᠵᠦ᠂ ᠭᠤᠤᠯᠳᠠᠭᠤ ᠯᠢᠶᠠᠩᠴᠧᠩ ᠰᠢᠶᠠᠨ ᠤ ᠮᠠᠷᠢᠶᠠᠨ ᠮᠢᠬᠠᠨ ᠢᠳᠡᠭᠡᠨ ᠤ ᠺᠣᠮᠫᠠᠨᠢ ᠳᠤ ᠪᠠᠷᠠᠭ᠎ᠠ ᠬᠠᠩᠭᠠᠵᠤ᠂ ᠨᠠᠷᠢᠯᠢᠭ ᠪᠣᠯᠪᠠᠰᠤᠷᠠᠭᠤᠯᠤᠭᠰᠠᠨ ᠤ ᠳᠠᠷᠠᠭ᠎ᠠ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠳᠠᠭ᠃                               ᠨᠠᠶᠢᠷᠠᠭᠤᠯᠤᠭᠴᠢ᠄   ᠶᠠᠩ  ᠿᠦᠢ ᠵᠧᠨ                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2